ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 2 ᠤᠨ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ | ᠶᠢᠨ ᠨᠢᠭᠡᠳᠦᠭᠡᠷ ᠪᠣᠳᠢ ᠶᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠨᠥᠬᠦᠴᠡᠯ ᠪᠣᠯᠣᠨ ᠪᠡᠷᠬᠡ | ᠬᠠᠲᠠᠭᠤᠵᠢᠯᠲᠠᠢ ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠡᠭᠡ ᠬᠠᠨᠳᠤᠰᠢ ᠶᠢ ᠠᠵᠢᠭᠯᠠᠬᠤ᠂ ᠪᠦᠭᠦ ᠲᠠᠯ᠎ᠠ ᠶᠢ ᠲᠥᠯᠥᠪᠵᠢᠭᠦᠯᠬᠦ᠂ ᠪᠣᠳᠠᠲᠠᠢ ᠠᠵᠢᠯ ᠬᠢᠬᠦ ᠶᠢ | ᠪᠠᠷᠢᠮᠲᠠᠯᠠᠵᠤ᠂ ᠠᠵᠤ ᠠᠬᠤᠢ ᠶᠢᠨ ᠠᠵᠢᠯ ᠳᠠᠬᠢ ᠨᠠᠮ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠣᠨ ᠨᠢᠭᠡᠳᠦᠯᠲᠡᠢ ᠤᠳᠤᠷᠢᠳᠤᠯᠭ᠎ᠠ ᠶᠢ ᠪᠦᠭᠦ | ᠲᠠᠯ᠎ᠠ ᠪᠠᠷ ᠴᠢᠩᠭᠠᠳᠬᠠᠵᠤ᠂ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠠᠯᠢ | ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ | ᠬᠥᠲᠥᠯᠥᠨ ᠳᠠᠭᠠᠭᠤᠯᠵᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠵᠤ᠂ ᠰᠢ ᠶᠢᠨ ᠫᠢᠩ ᠤᠨ ᠠᠵᠤ | ᠠᠬᠤᠢ ᠶᠢᠨ ᠦᠵᠡᠯ ᠰᠠᠨᠠᠭ᠎ᠠ ᠶᠢ ᠪᠦᠷᠢᠯᠳᠦᠭᠦᠯᠪᠡ᠃ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠴᠢᠬᠤᠯᠠ ᠪᠦᠷᠢᠯᠳᠦᠭᠦᠨ ᠮᠥᠨ᠂ ᠰᠢᠨ᠎ᠡ ᠴᠠᠭ ᠦᠶ᠎ᠡ ᠶᠢᠨ ᠠᠵᠤ | ᠠᠬᠤᠢ ᠶᠢᠨ ᠬᠥᠭᠵᠢᠯᠲᠡ ᠶᠢᠨ ᠦᠢᠯᠡᠳᠦᠯᠭᠡ ᠶᠢᠨ ᠲᠤᠷᠰᠢᠯᠭ᠎ᠠ ᠶᠢᠨ ᠰᠢᠰᠲ᠋ᠧᠮᠲᠦ ᠣᠨᠣᠯ ᠤᠨ ᠬᠤᠷᠢᠶᠠᠩᠭᠤᠶᠢᠯᠠᠯ ᠮᠥᠨ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠨᠡᠶᠢᠭᠡᠮ ᠵᠢᠷᠤᠮ ᠤᠨ ᠠᠵᠤ ᠠᠬᠤᠢ ᠶᠢᠨ ᠬᠥᠭᠵᠢᠯᠲᠡ ᠶᠢᠨ ᠵᠠᠮ ᠢ ᠴᠥᠬᠦᠷᠡᠰᠢ ᠦᠭᠡᠢ ᠬᠠᠶᠢᠨ ᠰᠦᠪᠡᠭᠴᠢᠯᠡᠵᠦ ᠪᠦᠷᠢᠯᠳᠦᠭᠦᠯᠦᠭᠰᠡᠨ ᠡᠷᠬᠢᠮ ᠨᠠᠨᠳᠢᠨ | ᠦᠵᠡᠯ ᠰᠠᠨᠠᠭᠠᠨ ᠤ ᠣᠭᠢ ᠪᠦᠲᠦᠭᠡᠯ ᠮᠥᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠠᠵᠤ ᠠᠬᠤᠢ ᠶᠢᠨ ᠤᠬᠠᠭᠠᠨ ᠤ | ᠰᠢᠨ᠎ᠡ ᠠᠬᠤᠢ ᠪᠠᠶᠢᠳᠠᠯ ᠢ ᠨᠡᠭᠡᠭᠡᠵᠦ᠂ ᠮᠠᠷᠺᠰ ᠤᠨ ᠦᠵᠡᠯ ᠤᠨ ᠤᠯᠤᠰ ᠲᠥᠷᠥ ᠠᠵᠤ ᠠᠬᠤᠢ ᠶᠢᠨ ᠤᠬᠠᠭᠠᠨ ᠢ ᠪᠠᠶᠠᠯᠢᠭᠵᠢᠭᠤᠯᠤᠨ ᠬᠥᠭᠵᠢᠭᠦᠯᠬᠦ ᠳᠤ ᠴᠢᠬᠤᠯᠠ | ᠪᠦᠲᠦᠭᠡᠯᠴᠢ ᠴᠢᠨᠠᠷᠲᠠᠢ ᠬᠤᠪᠢ ᠨᠡᠮᠡᠷᠢ ᠦᠵᠡᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠦᠨᠳᠦ ᠶᠡᠭᠡ ᠠᠶᠤᠯ | ᠲᠦᠭᠰᠢᠭᠦᠷᠢ ᠥᠷᠢᠰᠦᠯᠳᠦᠭᠡᠨ ᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠦᠵᠡᠯ ᠰᠠᠨᠠᠭᠠᠨ ᠤ ᠬᠤᠷᠴᠠ ᠵᠡᠪᠰᠡᠭ ᠬᠠᠩᠭᠠᠪᠠ᠃ | ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠳᠤ᠂ ᠰᠢ ᠶᠢᠨ ᠫᠢᠩ ᠨᠥᠬᠦᠷ ᠤᠨ 2012 ᠣᠨ ᠤ 11 | ᠰᠠᠷ᠎ᠠ ᠠᠴᠠ 2024 ᠣᠨ ᠤ 12 ᠰᠠᠷ᠎ᠠ ᠪᠤᠯᠲᠠᠯᠠᠭᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠬᠠᠮᠤᠭ ᠤᠨ ᠴᠢᠬᠤᠯᠠ᠂ ᠬᠠᠮᠤᠭ ᠤᠨ | ᠦᠨᠳᠦᠰᠦᠨ ᠵᠣᠬᠢᠶᠠᠯ ᠢ ᠣᠷᠣᠭᠤᠯᠵᠤ᠂ ᠴᠠᠭ ᠤᠨ ᠳᠠᠷᠠᠭᠠᠯᠠᠯ ᠢᠶᠠᠷ ᠨᠠᠶᠢᠷᠠᠭᠤᠯᠤᠨ ᠵᠢᠭᠰᠠᠭᠠᠵᠤ᠂ ᠢᠯᠡᠳᠬᠡᠯ᠂ ᠶᠠᠷᠢᠶ᠎ᠠ᠂ ᠶᠠᠷᠢᠶ᠎ᠠ ᠢᠯᠡᠳᠬᠡᠯ᠂ ᠵᠢᠭᠠᠪᠤᠷᠢ᠂ ᠴᠣᠬᠤᠯᠠᠪᠤᠷᠢ | ᠵᠡᠷᠭᠡ 74 ᠵᠣᠬᠢᠶᠠᠯ ᠪᠤᠢ᠃ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃ | ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠶᠢ ᠬᠡᠪᠯᠡᠨ ᠲᠠᠷᠬᠠᠭᠠᠭᠰᠠᠨ ᠨᠢ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤ ᠡᠷᠬᠡ ᠰᠦᠷᠲᠦ ᠵᠢᠭᠠᠬᠤ | ᠮᠠᠲ᠋ᠧᠷᠢᠶᠠᠯ ᠬᠠᠩᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | | | | | | | | | | | |