ᠣᠶᠢᠷ᠎ᠠ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠪᠦᠯᠬᠦᠮ ᠳᠠᠭᠠᠭᠤᠯᠤᠨ ᠪᠡᠭᠡᠵᠢᠩ ᠳᠤ | ᠬᠦᠷᠴᠦ ᠠᠮᠢ ᠠᠬᠤᠢ ᠣᠷᠴᠢᠨ ᠲᠣᠭᠤᠷᠢᠨ ᠤ ᠶᠠᠮᠤᠨ᠂ ᠤᠯᠤᠰ ᠤᠨ ᠲᠡᠮᠦᠷ ᠵᠠᠮ ᠤᠨ ᠲᠣᠪᠴᠢᠶ᠎ᠠ ᠶᠢᠨ ᠤᠳᠤᠷᠢᠳᠤᠯᠭ᠎ᠠ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠶᠠᠮᠤᠨ᠂ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ | ᠲᠣᠪᠴᠢᠶ᠎ᠠ ᠶᠢᠨ ᠬᠠᠷᠢᠭᠤᠴᠠᠯᠭᠠᠲᠠᠨ ᠵᠢᠴᠢ ᠴᠢᠩᠬᠤᠸᠠ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠠᠺᠠᠳᠧᠮᠢᠴᠢ ᠯᠢ ᠯᠦ ᠮᠢᠩ ᠪᠣᠯᠣᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠨᠠᠨᠤᠮᠥᠲᠷ ᠡᠨᠧᠷᠭᠢ ᠪᠣᠯᠣᠨ ᠰᠢᠰᠲ᠋ᠧᠮ ᠤᠨ | ᠰᠤᠳᠤᠯᠭᠠᠨ ᠤ ᠭᠠᠵᠠᠷ ᠤᠨ ᠳᠠᠷᠤᠭ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠳᠠᠭᠠᠳᠤ ᠶᠢᠨ ᠬᠠᠷᠢᠶᠠᠲᠤ ᠠᠺᠠᠳᠧᠮᠢᠴᠢ ᠸᠠᠩ ᠵᠦᠩ | ᠯᠢᠨ ᠨᠠᠷ ᠲᠠᠢ ᠠᠭᠤᠯᠵᠠᠵᠤ ᠵᠣᠬᠢᠴᠠᠭᠤᠯᠬᠤ ᠠᠵᠢᠯ ᠢᠶᠠᠨ ᠬᠠᠷᠢᠭᠤ ᠮᠡᠳᠡᠭᠦᠯᠵᠦ᠂ ᠳᠡᠮᠵᠢᠯᠭᠡ ᠬᠠᠮᠲᠤᠷᠠᠯᠴᠠᠭ᠎ᠠ ᠣᠯᠬᠤ ᠪᠠᠷ ᠴᠢᠷᠮᠠᠶᠢᠪᠠ᠃ | ᠡᠯ᠎ᠡ ᠶᠠᠮᠤᠨ ᠵᠥᠪᠯᠡᠯ ᠳᠤ᠂ ᠢᠦᠢ ᠬᠠᠢ ᠢᠦᠢ ᠤᠯᠤᠰ ᠤᠨ ᠶᠠᠮᠤᠨ ᠵᠥᠪᠯᠡᠯ ᠤᠨ ᠤᠷᠳᠤ ᠬᠤᠭᠤᠴᠠᠭᠠᠨ ᠤ ᠲᠤᠷᠰᠢ ᠣᠷᠳᠣᠰ ᠲᠤ ᠦᠵᠡᠭᠦᠯᠦᠭᠰᠡᠨ ᠳᠡᠮᠵᠢᠯᠭᠡ | ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠣᠷᠳᠣᠰ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ | ᠪᠠᠲᠤᠲᠠᠢ ᠥᠷᠨᠢᠭᠦᠯᠵᠦ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠲᠦᠷᠭᠡᠳᠬᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠦᠢᠯᠡᠳᠦᠯᠭᠡ ᠳᠤᠮᠳᠠ ᠰᠢᠨ᠎ᠡ ᠵᠠᠮ ᠢ ᠨᠡᠭᠡᠭᠡᠵᠦ᠂ ᠲᠡᠷᠢᠭᠦᠨ ᠡᠩᠨᠡᠭᠡᠨ ᠳᠤ ᠣᠷᠣᠬᠤ ᠪᠠᠷ ᠴᠢᠷᠮᠠᠶᠢᠵᠤ ᠪᠠᠶᠢᠨ᠎ᠠ᠃ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠤᠨ ᠤᠷᠢᠳᠠᠪᠠᠷ ᠬᠡᠷᠡᠭᠵᠢᠭᠦᠯᠬᠦ ᠣᠷᠣᠨ᠂ ᠴᠢᠬᠤᠯᠠ ᠶᠡᠭᠡ ᠠᠵᠤ ᠦᠢᠯᠡᠰ ᠪᠣᠯᠣᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ᠂ ᠰᠢᠨ᠎ᠡ | ᠡᠨᠧᠷᠭᠢ ᠶᠢᠨ ᠲᠣᠮᠣ ᠰᠠᠭᠤᠷᠢᠨ ᠵᠢᠴᠢ ᠭᠠᠳᠠᠭᠰᠢ ᠬᠦᠷᠭᠡᠬᠦ ᠵᠠᠮ᠂ ᠳᠡᠭᠡᠳᠦ ᠬᠥᠩᠭᠡᠨ ᠴᠠᠭᠠᠨ ᠤ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ᠂ | ᠣᠶᠢᠷ᠎ᠠ ᠣᠭᠲᠠᠷᠭᠤᠢ ᠶᠢᠨ ᠠᠵᠤ ᠠᠬᠤᠢ ᠶᠢᠨ ᠬᠥᠭᠵᠢᠯᠲᠡ ᠵᠡᠷᠭᠡ ᠲᠠᠯ᠎ᠠ ᠪᠠᠷ ᠨᠡᠩ ᠤᠯᠠᠨ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃ ᠶᠠᠮᠤᠨ | ᠵᠥᠪᠯᠡᠯ ᠤᠨ ᠬᠠᠷᠢᠭᠤᠴᠠᠯᠭᠠᠲᠠᠨ ᠳᠡᠮᠵᠢᠬᠦ ᠪᠠᠷ ᠭᠤᠶᠤᠴᠢᠯᠠᠭᠰᠠᠨ ᠤᠴᠢᠷ ᠶᠠᠪᠤᠳᠠᠯ ᠳᠤ ᠢᠳᠡᠪᠬᠢᠲᠡᠢ ᠬᠠᠷᠢᠭᠤ ᠲᠤᠰᠬᠠᠯ ᠭᠠᠷᠭᠠᠵᠤ᠂ ᠡᠭᠦᠷᠭᠡ ᠴᠢᠳᠠᠪᠬᠢ ᠳᠠᠭᠠᠨ | ᠰᠠᠭᠤᠷᠢᠯᠠᠵᠤ᠂ ᠬᠠᠮᠢᠶ᠎ᠠ ᠪᠦᠬᠦᠢ ᠠᠵᠢᠯ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠨ᠎ᠡ ᠭᠡᠵᠦ ᠢᠯᠡᠳᠬᠡᠪᠡ᠃ | ᠴᠢᠩᠬᠤᠸᠠ ᠶᠡᠭᠡ ᠰᠤᠷᠭᠠᠭᠤᠯᠢ ᠳᠤ᠂ ᠢᠦᠢ ᠬᠠᠢ ᠢᠦᠢ ᠪᠠᠷᠢᠯᠭ᠎ᠠ ᠶᠢᠨ ᠳᠡᠭᠡᠳᠦ ᠰᠤᠷᠭᠠᠭᠤᠯᠢ᠂ ᠬᠢᠮᠢ ᠶᠢᠨ ᠠᠵᠤ ᠦᠢᠯᠡᠳᠪᠦᠷᠢ ᠶᠢᠨ ᠰᠠᠯᠪᠤᠷᠢ᠂ ᠴᠠᠬᠢᠯᠭᠠᠨ | ᠮᠠᠰᠢᠨ ᠤ ᠰᠠᠯᠪᠤᠷᠢ ᠪᠣᠯᠣᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠢᠨᠵᠢᠯᠡᠨ | ᠪᠠᠶᠢᠴᠠᠭᠠᠭᠰᠠᠨ ᠪᠥᠭᠡᠳ ᠰᠤᠷᠭᠠᠭᠤᠯᠢ ᠶᠢᠨ ᠵᠠᠬᠢᠷᠤᠯ ᠯᠢ ᠯᠦ ᠮᠢᠩ᠂ ᠳᠡᠳ᠋ ᠵᠠᠬᠢᠷᠤᠯ ᠽᠧᠩ ᠷᠦᠩ ᠲᠠᠢ ᠲᠤᠰ ᠲᠤᠰ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ | ᠬᠥᠮᠥᠵᠢᠭᠦᠯᠬᠦ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠵᠡᠷᠭᠡ ᠲᠠᠯ᠎ᠠ ᠪᠠᠷ ᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ | ᠣᠷᠳᠣᠰ ᠬᠤᠳᠠ ᠶᠢᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠣᠯᠬᠤ ᠳᠤ ᠬᠦᠴᠦᠨ | ᠨᠡᠮᠡᠷᠢᠯᠡᠨ᠎ᠡ ᠭᠡᠵᠦ ᠢᠯᠡᠳᠬᠡᠪᠡ᠃ | ᠡᠨᠡ ᠬᠤᠭᠤᠴᠠᠭᠠᠨ ᠳᠤ᠂ ᠢᠦᠢ ᠬᠠᠢ ᠢᠦᠢ ᠪᠠᠰᠠ ᠪᠡᠭᠡᠵᠢᠩ ᠤᠨ ᠨᠠᠨᠤᠮᠥᠲᠷ ᠡᠨᠧᠷᠭᠢ ᠪᠣᠯᠣᠨ ᠰᠢᠰᠲ᠋ᠧᠮ ᠤᠨ ᠰᠤᠳᠤᠯᠭᠠᠨ ᠤ ᠭᠠᠵᠠᠷ ᠢ ᠰᠢᠨᠵᠢᠯᠡᠨ | ᠪᠠᠶᠢᠴᠠᠭᠠᠬᠤ ᠶᠢᠨ ᠬᠠᠮᠲᠤ ᠸᠠᠩ ᠵᠦᠩ ᠯᠢᠨ ᠳᠠᠷᠤᠭ᠎ᠠ ᠲᠠᠢ ᠶᠠᠷᠢᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠠᠪᠰᠠᠷ ᠤᠨ ᠲᠤᠷᠰᠢᠯᠲᠠ ᠪᠠᠷ | ᠤᠯᠠᠷᠢᠭᠤᠯᠬᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠢ | ᠰᠣᠯᠢᠯᠴᠠᠪᠠ᠃ | ᠬᠤᠲᠠ ᠶᠢᠨ ᠤᠳᠤᠷᠢᠳᠤᠯᠭ᠎ᠠ ᠯᠢᠦ ᠹᠧᠩ ᠶᠦᠨ᠂ ᠵᠣᠣ ᠴᠦᠨ ᠢᠦᠢ᠂ ᠦ᠋ ᠵᠢᠶᠠᠨ ᠰᠢᠶᠦ᠋ᠨ᠂ ᠵᠠᠩ ᠰᠢᠸ ᠯᠢᠩ ᠲᠣᠰ ᠲᠣᠰ ᠬᠠᠮᠢᠶ᠎ᠠ ᠪᠦᠬᠦᠢ | ᠠᠵᠢᠯᠯᠠᠭ᠎ᠠ ᠳᠤ ᠣᠷᠣᠯᠴᠠᠪᠠ᠃ | | | | | | | | | | | | | | | | | |