ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 4 ᠤ | ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠥᠴᠢᠨ ᠨᠢᠭᠡᠳᠦᠭᠡᠷ ᠤᠳᠠᠭ᠎ᠠ ᠶᠢᠨ ᠬᠤᠷᠢᠶᠠᠨ ᠳᠠᠷᠤᠭ᠎ᠠ ᠶᠢᠨ ᠬᠤᠷᠠᠯ | ᠬᠤᠷᠠᠯᠳᠤᠭᠤᠯᠪᠠ᠃ ᠬᠤᠷᠢᠶᠠᠨ ᠳᠠᠷᠤᠭ᠎ᠠ ᠵᠣᠣ ᠯᠧ ᠵᠢᠢ ᠬᠤᠷᠠᠯ ᠢ ᠡᠷᠭᠢᠯᠡᠵᠡᠢ᠃ | ᠬᠤᠷᠠᠯ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠯᠢᠦ | ᠴᠢ ᠶᠢᠨ ᠬᠢᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠤᠨ ᠲᠥᠰᠥᠯ᠂ ᠵᠥᠪᠯᠡᠬᠦ ᠵᠦᠢᠯ ᠤᠨ ᠲᠥᠰᠥᠯ ᠢ ᠬᠢᠨᠠᠨ ᠵᠥᠪᠯᠡᠭᠰᠡᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠶᠠᠷ ᠲᠥᠰᠥᠯ ᠢ ᠲᠤᠰ ᠲᠤᠰ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠡᠯᠡᠳᠬᠡᠯ ᠬᠤᠷᠠᠯ ᠳᠤ ᠳᠡᠪᠰᠢᠭᠦᠯᠦᠨ ᠰᠣᠩᠭᠤᠭᠤᠯᠢ ᠬᠢᠯᠭᠡᠬᠦ ᠪᠠ ᠪᠠᠲᠤᠯᠠᠯᠲᠠ ᠬᠢᠯᠭᠡᠬᠦ ᠪᠠᠷ | ᠲᠣᠭᠲᠠᠪᠠ᠃ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠢ ᠬᠤᠩ ᠵᠦᠩ᠂ | ᠸᠠᠩ ᠳ᠋ᠦᠩ ᠮᠢᠩ᠂ ᠰᠢᠶᠣᠣ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ | ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ· ᠵᠠᠺᠧᠯ ᠬᠤᠷᠠᠯ ᠳᠤ ᠣᠷᠣᠯᠴᠠᠵᠠᠢ᠃ | 3 ᠤ ᠦᠳᠡ ᠶᠢᠨ ᠬᠤᠶᠢᠨ᠎ᠠ ᠪᠠ ᠣᠷᠣᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠳᠤ ᠣᠷᠤᠯᠴᠠᠬᠤ ᠡᠯ᠎ᠡ ᠲᠥᠯᠥᠭᠡᠯᠡᠭᠴᠢᠳ ᠤᠨ ᠪᠦᠯᠭᠦᠮ ᠬᠤᠷᠠᠯ ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠠ ᠨᠠᠷᠢᠨ ᠪᠢᠴᠢᠭ ᠤᠨ | ᠳᠠᠷᠤᠭ᠎ᠠ ᠶᠢᠨ ᠨᠡᠷᠡᠰ ᠤᠨ ᠲᠥᠰᠥᠯ᠂ ᠵᠥᠪᠯᠡᠬᠦ ᠵᠦᠢᠯ ᠤᠨ ᠲᠥᠰᠥᠯ ᠢ ᠬᠢᠨᠠᠨ ᠵᠥᠪᠯᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4 ᠤ ᠴᠠᠭᠢᠯᠭᠠᠨ ᠮᠡᠳᠡᠭᠡ︶ | | |