ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ 5 ᠤ | ᠦᠳᠡ ᠶᠢᠨ ᠡᠮᠦᠨᠡᠬᠢ 9 ᠴᠠᠭ ᠲᠤ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ | ᠴᠢᠶᠠᠩ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ 2024 ᠣᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ ᠵᠢᠴᠢ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ 2024 ᠣᠨ ᠤ ᠲᠥᠪ ᠤᠨ ᠪᠠ ᠣᠷᠣᠨ | ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠮᠡᠳᠡᠭᠦᠯᠦᠯᠲᠡ | ᠵᠢᠴᠢ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠢ ᠬᠢᠨᠠᠨ ᠪᠠᠶᠢᠴᠠᠭᠠᠵᠤ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠢ ᠬᠤᠩ ᠵᠦᠩ ᠤᠨ ᠬᠢᠭᠰᠡᠨ ᠪᠦᠭᠦᠳᠠ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠤᠨ᠎ᠠ᠃ | ᠦᠳᠡ ᠶᠢᠨ ᠬᠤᠶᠢᠨ᠎ᠠ᠂ ᠡᠯ᠎ᠡ ᠲᠥᠯᠥᠭᠡᠯᠡᠭᠴᠢᠳ ᠤᠨ ᠪᠦᠯᠭᠦᠮ ᠪᠦᠭᠦᠳᠡ ᠬᠤᠷᠠᠯ ᠬᠢᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠨ᠎ᠡ᠃ | 5 ᠤ ᠦᠳᠡ ᠶᠢᠨ ᠡᠮᠦᠨ᠎ᠡ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠳᠤ | ᠣᠷᠣᠯᠴᠠᠬᠰᠠᠨ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠡᠭᠢᠯᠡᠯᠳᠡ ᠶᠢᠨ ᠬᠤᠷᠠᠯ ᠳᠤ ᠰᠤᠯᠠ ᠣᠷᠣᠯᠴᠠᠵᠤ᠂ ᠵᠠᠰᠠᠭ ᠤᠨ ᠣᠷᠳᠣᠨ ᠤ ᠠᠵᠢᠯ ᠤᠨ | ᠢᠯᠡᠳᠬᠡᠯ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ | ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠤᠷᠤᠭᠤᠯᠬᠤ ᠲᠤᠬᠠᠢ | ᠲᠥᠰᠥᠯ ᠤᠨ ᠲᠣᠳᠣᠷᠬᠠᠶᠢᠯᠠᠯᠲᠠ ᠶᠢ ᠰᠣᠨᠣᠰᠤᠨ᠎ᠠ᠃ 5 ᠤ ᠦᠳᠡ ᠶᠢᠨ ᠬᠤᠶᠢᠨ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠭᠤᠷᠪᠠᠳᠤᠭᠠᠷ ᠬᠤᠷᠠᠯ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠨ᠎ᠡ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠤᠨ ᠡᠭᠢᠯᠡᠯᠳᠠ ᠶᠢᠨ ᠬᠤᠷᠠᠯ ᠢ ᠠᠬᠤᠢ ᠲᠠᠯᠠᠪᠠᠶ ᠠᠴᠠ ᠰᠢᠭᠤᠳ ᠨᠠᠪᠲᠠᠷᠡᠭᠦᠯᠵᠦ᠂ ᠰᠢᠨᠬᠤᠸᠠ ᠰᠦᠯᠵᠢᠶ᠎ᠡ ᠡᠭᠢᠯᠡᠯᠳᠡ ᠶᠢᠨ | ᠬᠤᠷᠠᠯ ᠢ ᠵᠢᠷᠤᠭ ᠦᠰᠦᠭ ᠪᠢᠴᠢᠭ ᠤᠨ ᠭᠡᠯᠪᠡᠷᠢ ᠪᠠᠷ ᠰᠢᠭᠤᠳ ᠨᠡᠪᠲᠡᠷᠡᠭᠦᠯᠦᠨ᠎ᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4 ᠤ ᠴᠠᠭᠢᠯᠭᠠᠨ ᠮᠡᠳᠡᠭᠡ ) | | | |