2025 ᠪᠦᠭᠦ ᠤᠯᠤᠰ ᠤᠨ ᠬᠤᠶᠠᠷ ᠬᠤᠷᠠᠯ— ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠠᠩᠬᠠᠳᠤᠭᠠᠷ ᠤᠳᠠᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/3/5
      ᠶᠡᠭᠡ ᠬᠤᠷᠠᠯ ᠤᠨ ᠡᠳᠦᠷ ᠤᠨ ᠳᠠᠷᠠᠭᠠᠯᠠᠯ ᠵᠡᠷᠭᠡ ᠶᠢ ᠲᠣᠭᠲᠠᠭᠠᠪᠠ      ᠲᠣᠰ ᠤᠳᠠᠭᠠᠨ ᠤ ᠶᠡᠭᠡ ᠬᠤᠷᠠᠯ 5᠎ ᠤ ᠡᠳᠦᠷ ᠡᠬᠢᠯᠡᠵᠦ  ᠬᠤᠷᠠᠯ ᠤᠨ ᠬᠤᠭᠤᠴᠠᠭ᠎ᠠ 7 ᠡᠳᠦᠷ ᠪᠣᠯᠣᠨ᠎ᠠ       ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ 4᠎ ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠩᠬᠠᠳᠤᠭᠠᠷ ᠤᠳᠠᠭ᠎ᠠ ᠶᠢᠨ ᠬᠤᠷᠠᠯ ᠬᠢᠪᠡ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠣᠣ ᠯᠧ ᠵᠢᠢ ᠬᠤᠷᠠᠯ ᠢ ᠡᠷᠭᠢᠯᠡᠵᠡᠢ᠃      ᠲᠡᠷᠢᠭᠦᠯᠡᠭᠴᠢᠳ ᠤᠨ ᠪᠦᠯᠭᠦᠮ ᠤᠨ ᠬᠤᠷᠠᠯ ᠳᠤ ᠣᠷᠤᠯᠴᠠᠬᠤ ᠶᠣᠰᠣᠲᠠᠢ ᠬᠥᠮᠥᠨ176 ᠪᠠᠶᠢᠵᠤ᠂ 175 ᠬᠥᠮᠥᠨ ᠣᠷᠣᠯᠴᠠᠵᠤ᠂ 1 ᠬᠥᠮᠥᠨ ᠣᠷᠣᠯᠴᠠᠬᠰᠠᠨ ᠦᠭᠡᠢ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃      ᠬᠤᠷᠠᠯ ᠠᠴᠠ ᠡᠩ ᠲᠡᠷᠢᠭᠦᠨ ᠳᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠶᠢ ᠳᠡᠪᠰᠢᠭᠦᠯᠦᠨ ᠰᠣᠩᠭᠤᠪᠠ᠃ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠶᠢᠨ ᠲᠤᠰᠢᠶᠠᠯ ᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ᠂ ᠳᠡᠳ᠋ ᠬᠤᠷᠢᠶᠠᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠡᠭᠦᠷᠭᠡᠯᠡᠨ᠎ᠡ᠃ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠲᠡᠷᠢᠭᠦᠯᠡᠭᠴᠢᠳ ᠤᠨ ᠪᠦᠯᠭᠦᠮ ᠤᠨ ᠬᠤᠷᠠᠯ ᠢ ᠬᠤᠷᠠᠯᠳᠤᠭᠤᠯᠬᠤ ᠪᠥᠭᠡᠳ ᠡᠷᠭᠢᠯᠡᠨ᠎ᠡ᠃      ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠡᠳᠦᠷ ᠤᠨ ᠳᠠᠷᠠᠭᠠᠯᠠᠯ ᠢ ᠪᠠᠲᠤᠯᠠᠪᠠ᠃ ᠬᠤᠷᠠᠯ ᠤᠨ ᠡᠳᠦᠷ ᠤᠨ ᠳᠠᠷᠠᠭᠠᠯᠠᠯ ᠢ ᠦᠨᠳᠦᠰᠦᠯᠡᠪᠡᠯ᠂ ᠡᠨᠡ ᠤᠳᠠᠭ᠎ᠠ ᠶᠢᠨ ᠬᠤᠷᠠᠯ ᠢ 3 ᠰᠠᠷ᠎ᠠ ᠶᠢᠨ 5᠎ ᠤ ᠦᠳᠡ ᠶᠢᠨ ᠡᠮᠦᠨ᠎ᠡ ᠡᠬᠢᠯᠡᠭᠦᠯᠵᠦ᠂ 3 ᠰᠠᠷ᠎ᠠ ᠶᠢᠨ 11᠎ ᠤ ᠦᠳᠡ ᠶᠢᠨ ᠬᠤᠶᠢᠨ᠎ᠠ ᠲᠡᠭᠦᠰᠬᠡᠬᠦ ᠪᠠᠷ ᠲᠣᠭᠲᠠᠪᠠ᠂ ᠬᠤᠷᠠᠯ ᠤᠨ ᠬᠤᠭᠤᠴᠠᠭ᠎ᠠ ᠨᠢ 7 ᠡᠳᠦᠷ ᠪᠣᠯᠣᠨ᠎ᠠ᠃      ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠬᠦ ᠳᠦᠷᠢᠮ ᠤᠨ ᠲᠣᠭᠲᠠᠭᠠᠯ ᠢ ᠦᠨᠳᠦᠰᠦᠯᠡᠨ᠂ ᠲᠡᠷᠢᠭᠦᠯᠡᠭᠴᠢᠳ ᠤᠨ ᠪᠦᠯᠭᠦᠮ ᠤᠨ ᠠᠩᠬᠠᠳᠤᠭᠠᠷ ᠤᠳᠠᠭ᠎ᠠ ᠶᠢᠨ ᠬᠤᠷᠠᠯ ᠠᠴᠠ ᠳᠡᠪᠰᠢᠭᠦᠯᠦᠨ ᠰᠣᠩᠭᠤᠭᠰᠠᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠨᠠᠷ ᠲᠤᠰ ᠲᠤᠰ ᠤᠳᠠᠭ᠎ᠠ ᠪᠦᠷᠢ ᠶᠢᠨ ᠶᠡᠭᠡ ᠬᠤᠷᠠᠯ ᠤᠨ ᠪᠦᠭᠦᠳᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠨ᠎ᠡ᠃ ᠪᠠᠲᠤᠯᠠᠯᠲᠠ ᠬᠢᠬᠦ ᠪᠠᠷ ᠲᠠᠮᠵᠢᠨ᠂ ᠬᠤᠷᠠᠯ ᠠᠴᠠ ᠶᠡᠭᠡ ᠬᠤᠷᠠᠯ ᠤᠨ ᠪᠦᠭᠦᠳᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠶᠢ ᠳᠡᠪᠰᠢᠭᠦᠯᠦᠨ ᠰᠣᠩᠭᠤᠪᠠ᠃      ᠬᠤᠷᠠᠯ ᠠᠴᠠ ᠪᠠᠲᠤᠯᠠᠯᠲᠠ ᠬᠢᠬᠦ ᠪᠠᠷ ᠳᠠᠮᠵᠢᠨ᠂ ᠯᠢᠦ ᠴᠢ᠂ ᠯᠢᠦ ᠵᠢᠶᠦ᠋ᠨ ᠴᠧᠨ᠂ ᠰᠢᠨ ᠴᠦᠨ ᠶᠢᠩ᠂ ᠯᠧᠦ ᠴᠢᠨ ᠵᠢᠶᠠᠨ᠂ ᠺᠦᠩ ᠱᠤᠤ ᠰᠢᠶᠦ᠋ᠨ᠂ ᠸᠠᠩ ᠶᠠᠩ ᠢ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠪᠤᠯᠭᠠᠬᠤ ᠪᠠᠷ ᠲᠣᠭᠲᠠᠪᠠ᠃ ᠬᠤᠷᠠᠯ ᠠᠴᠠ ᠯᠧᠦ ᠴᠢᠨ ᠵᠢᠶᠠᠨ ᠢ ᠶᠡᠭᠡ ᠬᠤᠷᠠᠯ ᠤᠨ ᠥᠭᠦᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠭᠦᠯᠬᠦ ᠪᠠᠷ ᠲᠣᠭᠲᠠᠪᠠ᠃      ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ᠂ ᠶᠡᠭᠡ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠴᠠᠭ ᠢ 3 ᠰᠠᠷ᠎ᠠ ᠶᠢᠨ 8᠎ ᠤ 12 ᠴᠠᠭ ᠢᠶᠠᠷ ᠬᠢᠵᠠᠭᠠᠷᠯᠠᠬᠤ ᠪᠠᠷ ᠲᠣᠭᠲᠠᠪᠠ᠃ ᠬᠤᠷᠠᠯ ᠤᠨ ᠬᠤᠭᠤᠴᠠᠭᠠᠨ ᠳᠤ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠠᠴᠠ ᠲᠥᠯᠥᠭᠡᠯᠡᠭᠴᠢᠳ ᠤᠨ ᠪᠦᠯᠭᠦᠮ ᠪᠠ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭᠠᠨ ᠳᠤ ᠳᠤᠷᠠᠳᠤᠭᠰᠠᠨ ᠰᠠᠨᠠᠯ ᠵᠥᠪᠯᠡᠯᠭᠡ ᠶᠢ ᠰᠤᠳᠤᠯᠵᠤ᠂ ᠰᠢᠢᠳᠪᠦᠷᠢᠯᠡᠬᠦ ᠰᠠᠨᠠᠯ ᠳᠤᠷᠠᠳᠴᠤ᠂ ᠲᠡᠷᠢᠭᠦᠯᠡᠭᠴᠢᠳ ᠤᠨ ᠪᠦᠯᠭᠦᠮ ᠳᠤ ᠮᠡᠳᠡᠭᠦᠯᠦᠨ ᠲᠣᠭᠲᠠᠭᠠᠯ ᠭᠠᠷᠭᠠᠯᠭᠠᠬᠤ ᠪᠣᠯᠣᠨ᠎ᠠ᠃            ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4᠎ ᠤ ᠴᠠᠭᠢᠯᠭᠠᠨ ᠮᠡᠳᠡᠭᠡ︶ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ