2025 ᠪᠦᠭᠦ ᠤᠯᠤᠰ ᠤᠨ ᠬᠤᠶᠠᠷ ᠬᠤᠷᠠᠯ— ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠰᠦᠭᠡᠢ
ᠨᠡᠶᠢᠲᠡᠯᠡᠭᠰᠡᠨ ᠴᠠᠭ᠄
2025/3/5
      - ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠬᠢᠯᠡᠭᠰᠡᠨ ᠳᠤ ᠬᠠᠯᠠᠭᠤᠨ ᠪᠠᠶᠠᠷ ᠬᠦᠷᠭᠡᠶ᠎ᠡ           ᠤᠷᠢᠬᠠᠨ ᠬᠠᠪᠤᠷ ᠲᠤᠷᠤᠨ᠎ᠠ ᠶᠢᠨ ᠰᠠᠯᠬᠢ ᠢᠯᠪᠢᠬᠦᠶ᠎ᠡ᠂ ᠠᠭᠤᠯᠠ ᠤᠰᠤ ᠰᠢᠨ᠎ᠡ ᠥᠩᠭᠡ ᠲᠥᠷᠬᠦ   ᠢᠯᠡᠷᠡᠭᠦᠯᠦᠨ᠎ᠡ᠃ 3 ᠰᠠᠷ᠎ᠠ ᠶᠢᠨ 5᠎ ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠭᠡᠵᠢᠩ ᠳᠤ ᠦᠪᠡᠳᠡᠭᠰᠢ ᠶᠡᠭᠡ ᠪᠠᠷ ᠡᠬᠢᠯᠡᠪᠡ᠃ 3000 ᠰᠢᠬᠠᠮ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢᠭᠡ ᠲᠠᠩᠬᠢᠮ ᠳᠤ ᠴᠤᠭᠯᠠᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠢᠢᠳᠪᠦᠷᠢᠲᠦ ᠢᠯᠠᠯᠲᠠ ᠶᠢ ᠣᠯᠬᠤ ᠳᠤ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠤᠬᠠᠭᠠᠨ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠨ᠎ᠠ᠃ ᠪᠢᠳᠡ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕      ᠰᠦᠷ ᠳᠠᠯᠠᠶᠢᠴᠠᠲᠠᠢ ᠠᠶᠠᠨ ᠳᠤ ᠲᠡᠮᠡᠴᠡᠯ ᠤᠨ ᠬᠠᠷᠢᠭᠤᠴᠠᠯᠭ᠎ᠠ ᠡᠭᠦᠷᠭᠡᠯᠡᠯ ᠢ ᠪᠠᠲᠤ ᠴᠡᠭᠡᠵᠢᠯᠡᠵᠦ᠂  ᠢᠳᠡᠷᠡᠭᠦᠨ ᠠᠯᠬᠤᠭ᠎ᠠ ᠪᠠᠷ ᠭᠠᠪᠰᠢᠭᠠᠶᠢᠯᠠᠨ ᠤᠷᠤᠭᠰᠢᠯᠠᠨ᠎ᠠ᠃ ᠮᠠᠷᠲᠠᠭᠳᠠᠰᠢ ᠦᠭᠡᠢ 2024 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠳᠠᠶᠠᠭᠠᠷ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠮᠠᠰᠢ ᠤᠯᠠᠨ ᠬᠦᠴᠢᠷ ᠶᠠᠪᠤᠳᠠᠯ ᠪᠠᠴᠢᠮ ᠶᠠᠪᠤᠳᠠᠯ ᠢ ᠰᠢᠢᠳᠪᠦᠷᠢᠯᠡᠪᠡ᠃ ︽ᠴᠠᠭ ᠦᠶ᠎ᠡ ᠶᠢᠨ ᠰᠢᠨ᠎ᠡ ᠬᠠᠭᠤᠳᠠᠰᠤ︾᠎ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ︽ᠬᠠᠮᠤᠭ ᠤᠨ ᠰᠠᠶᠢᠨ ᠠᠵᠢᠯᠯᠠᠭ᠎ᠠ︾᠎ ᠪᠠᠷ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ  75 ᠵᠢᠯ ᠤᠨ ᠤᠢ ᠶᠢ ᠪᠡᠯᠭᠡᠯᠡᠵᠦ᠂ ᠪᠢᠳᠡᠨ ᠤ ᠬᠠᠷᠠᠯᠲᠠ ᠨᠡᠩ ᠡᠷᠡᠰ ᠪᠠᠲᠤ ᠪᠤᠯᠪᠠ; ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠠᠮᠤ ᠪᠤᠳᠠᠭᠠᠨ ᠤ ᠤᠨᠠᠯᠲᠠ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠴᠠᠩ ᠧ ᠵᠢᠷᠭᠤᠳᠤᠭᠠᠷ᠂ ᠱᠧᠨᠵᠧᠨ ᠠᠴᠠ ᠵᠦᠩᠱᠠᠨ ᠬᠦᠷᠬᠦ ᠲᠠᠯᠠᠢ ᠰᠤᠨᠳᠠᠯᠠᠭᠰᠠᠨ ᠵᠠᠮ ᠵᠡᠷᠭᠡ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠣᠯᠵᠤ᠂ ︽ᠲᠣᠭᠲᠠᠭᠤᠨ︾᠎ ᠤ ᠰᠠᠭᠤᠷᠢ ᠨᠡᠩ ᠪᠠᠬᠢᠵᠢᠵᠦ᠂ ︽ᠤᠷᠤᠭᠰᠢᠯᠠᠯᠲᠠ︾᠎ ᠶᠢᠨ  ᠬᠥᠳᠡᠯᠭᠡᠬᠦ ᠡᠨᠧᠷᠭᠢ ᠲᠠᠰᠤᠷᠠᠯᠲᠠ ᠦᠭᠡᠢ ᠴᠢᠩᠭᠠᠷᠠᠵᠤ᠂ ᠪᠢᠳᠡᠨ ᠤ ᠬᠥᠳᠡᠯᠭᠡᠬᠦ ᠬᠦᠴᠦᠨ ᠨᠡᠩ ᠭᠦᠴᠦᠷᠭᠡᠭᠵᠢᠪᠡ; ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠡᠮᠦᠨ᠎ᠡ ᠲᠦᠮᠡᠨ ᠤᠯᠠᠨ ᠢᠶᠠᠷ ᠢᠶᠠᠨ ᠵᠣᠷᠢᠭ ᠨᠢᠭᠡᠳᠦᠨ᠂ ᠤᠯᠠᠨ ᠤᠯᠤᠰ ᠤᠨ ᠲᠠᠪᠴᠠᠩ ᠳᠡᠭᠡᠷ᠎ᠡ ᠳᠤᠮᠳᠠᠳᠤ ᠤᠯᠤᠰ ᠤᠨ ᠵᠣᠷᠢᠯᠲᠠ ᠶᠢ ᠢᠯᠡ ᠲᠣᠳᠣᠷᠬᠠᠢ ᠳᠤᠷᠠᠳᠴᠤ᠂ ᠪᠢᠳᠡᠨ ᠤ ᠵᠣᠷᠢᠭ ᠰᠠᠨᠠᠭ᠎ᠠ ᠨᠡᠩ ᠴᠤᠭ ᠪᠠᠳᠠᠷᠠᠩᠭᠤᠢ ᠪᠣᠯᠪᠠ᠃      ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠲᠤᠶᠢᠯ ᠤᠨ ᠭᠢᠯᠪᠠᠷ ᠪᠤᠰᠤ ᠪᠠᠶᠢᠵᠤ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠨ᠎ᠠ᠂ ᠡᠨᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠳᠠᠪᠠᠭᠤᠯᠢᠭ ᠢ ᠭᠦᠢᠴᠡᠳ ᠢᠯᠡᠷᠡᠭᠦᠯᠵᠦ᠂ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠳᠤ ᠵᠠᠮ ᠨᠡᠭᠡᠭᠡᠨ ᠤᠷᠤᠭᠰᠢᠯᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠢᠲᠡᠭᠡᠯ ᠵᠣᠷᠢᠭ ᠢ ᠨᠡᠩ ᠪᠠᠲᠤᠳᠬᠠᠵᠠᠢ᠃ ᠶᠠᠭ ᠶᠡᠷᠦᠩᠬᠡᠢ ᠱᠦᠵᠢ ᠰᠢ ᠶᠢᠨ ᠫᠢᠩ ᠤᠨ ᠭᠦᠨᠵᠡᠭᠡᠢ ᠵᠢᠭᠠᠵᠤ ᠭᠠᠷᠭᠠᠭᠰᠠᠨᠴᠢᠯᠠᠨ᠄ ︽ᠪᠢᠳᠡ ᠢᠲᠡᠭᠡᠯ ᠵᠣᠷᠢᠭ ᠢᠶᠠᠨ ᠭᠤᠶᠢᠪᠢᠰᠢ ᠦᠭᠡᠢ ᠪᠠᠲᠤᠳᠬᠠᠵᠤ᠂ ᠵᠥᠷᠢᠴᠡᠯ ᠠᠰᠠᠭᠤᠳᠠᠯ ᠠᠴᠠ ᠵᠠᠶᠢᠯᠠᠬᠤ ᠦᠭᠡᠢ ᠪᠠᠷ ᠰᠢᠭᠤᠳ ᠬᠠᠨᠳᠤᠵᠤ᠂ ᠠᠶᠤᠯ ᠲᠦᠭᠰᠢᠭᠦᠷᠢ ᠥᠷᠢᠰᠦᠯᠳᠦᠭᠡᠨ ᠢ ᠤᠬᠤᠷᠢᠯ ᠦᠭᠡᠢ ᠪᠠᠷ ᠠᠷᠭᠠᠴᠠᠭᠠᠳᠠᠭ ᠯᠡ ᠶᠤᠮ ᠪᠣᠯ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ ᠵᠠᠢ ᠶᠢ ᠯᠠᠪᠲᠠᠢ ᠨᠡᠭᠡᠭᠡᠵᠦ ᠴᠢᠳᠠᠨ᠎ᠠ︕︾                     ᠪᠠᠶᠢᠭᠤᠯᠤᠯ ᠲᠣᠭᠲᠠᠭᠤᠨ ᠪᠣᠯᠪᠠᠰᠤ ᠤᠯᠤᠰ ᠣᠷᠣᠨ ᠲᠣᠭᠲᠠᠭᠤᠨ ᠪᠣᠯᠣᠮᠤᠢ᠂ ᠪᠠᠶᠢᠭᠤᠯᠤᠯ ᠬᠦᠴᠦᠷᠬᠡᠭ ᠪᠣᠯᠪᠠᠰᠤ ᠤᠯᠤᠰ ᠣᠷᠣᠨ ᠬᠦᠴᠦᠷᠬᠡᠭ ᠪᠣᠯᠣᠮᠤᠢ᠃ 70 ᠭᠠᠷᠤᠢ ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠳᠤᠮᠳᠠᠳᠤ ᠤᠯᠤᠰ ᠤᠨ ᠡᠬᠡ ᠭᠠᠵᠠᠷ ᠲᠤ ᠪᠠᠲᠤ ᠦᠨᠳᠦᠰᠦᠯᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠳᠤ ᠭᠦᠨᠵᠡᠭᠡᠢ ᠠᠭᠤᠰᠤᠯᠴᠠᠵᠤ᠂︽ᠬᠤᠶᠠᠷ ᠶᠡᠭᠡ ᠭᠠᠶᠢᠬᠠᠮᠰᠢᠭ︾᠎ ᠢ ᠡᠭᠦᠳᠬᠦ ᠳᠤ ᠴᠢᠬᠤᠯᠠ ᠪᠠᠶᠢᠭᠤᠯᠤᠯ ᠤᠨ ᠪᠠᠲᠤᠯᠠᠭ᠎ᠠ ᠬᠠᠩᠭᠠᠪᠠ᠃ ᠥᠩᠭᠡᠷᠡᠭᠰᠡᠨ ᠨᠢᠭᠡ ᠵᠢᠯ ᠳᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠵᠤ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ ᠬᠠᠮᠠᠭᠠᠯᠠᠵᠤ᠂ ᠴᠢᠨᠠᠷ ᠰᠠᠶᠢᠲᠠᠢ ᠬᠠᠤᠯᠢ ᠲᠣᠭᠲᠠᠭᠠᠯᠲᠠ ᠪᠠᠷ ᠥᠭᠡᠷᠡᠴᠢᠯᠡᠯᠲᠡ ᠬᠥᠭᠵᠢᠯᠲᠡ ᠶᠢ ᠪᠠᠲᠤᠯᠠᠬᠤ ᠪᠠ ᠦᠢᠯᠡᠴᠢᠯᠡᠵᠦ᠂ ᠪᠦᠲᠦᠮᠵᠢᠲᠡᠢ ᠬᠢᠨᠠᠯᠲᠠ ᠪᠠᠷ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠶᠠᠪᠤᠯᠴᠠᠭ᠎ᠠ ᠪᠠᠷ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠵᠦ᠂ ᠡᠯ᠎ᠡ ᠵᠦᠢᠯ ᠤᠨ ᠠᠵᠢᠯ ᠰᠢᠨ᠎ᠡ ᠠᠬᠢᠯᠲᠠ ᠪᠠ ᠰᠢᠨ᠎ᠡ ᠦᠷ᠎ᠡ ᠪᠦᠲᠦᠮᠵᠢ ᠣᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠤᠯᠤᠰ ᠤᠨ ᠪᠠᠶᠢᠳᠠᠯ ᠪᠠ ᠪᠣᠳᠠᠲᠤ ᠪᠠᠶᠢᠳᠠᠯ ᠳᠤ ᠨᠡᠶᠢᠴᠡᠭᠰᠡᠨ᠂ ᠨᠡᠶᠢᠭᠡᠮ ᠵᠢᠷᠤᠮᠲᠤ ᠤᠯᠤᠰ ᠤᠨ ᠰᠢᠨᠵᠢ ᠴᠢᠨᠠᠷ ᠢ ᠢᠯᠡᠷᠡᠭᠦᠯᠦᠭᠰᠡᠨ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠭᠰᠠᠨ ᠰᠠᠶᠢᠨ ᠪᠠᠶᠢᠭᠤᠯᠤᠯ ᠮᠥᠨ᠂ ᠪᠦᠭᠦ ᠠᠷᠠᠳ ᠲᠦᠮᠡᠨ ᠤ ᠬᠦᠴᠦᠨ ᠢ ᠪᠦᠲᠦᠮᠵᠢᠲᠡᠢ ᠨᠢᠭᠲᠠᠷᠠᠭᠤᠯᠵᠤ ᠬᠠᠮᠲᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠴᠢᠳᠠᠬᠤ ᠰᠠᠶᠢᠨ ᠪᠠᠶᠢᠭᠤᠯᠤᠯ ᠮᠥᠨ ᠭᠡᠳᠡᠭ ᠢ ᠦᠢᠯᠡᠳᠦᠯᠭᠡ ᠬᠠᠷᠠᠭᠤᠯᠪᠠ᠃      ᠴᠥᠬᠦᠷᠡᠰᠢ ᠦᠭᠡᠢ ᠲᠡᠮᠡᠴᠡᠯ ᠢᠶᠠᠷ ᠳᠠᠮᠵᠢᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢᠭᠡᠨᠲᠡ ᠰᠦᠷᠯᠢᠭ ᠰᠠᠶᠢᠬᠠᠨ ᠵᠢᠷᠤᠭ ᠳᠦᠷᠰᠦ ᠶᠢ ᠳᠡᠯᠭᠡᠨ ᠦᠵᠡᠭᠦᠯᠦᠭᠰᠡᠨ ᠪᠥᠭᠡᠳ ᠬᠢᠵᠠᠭᠠᠯᠠᠰᠢ ᠦᠭᠡᠢ ᠭᠡᠷᠡᠯ ᠰᠠᠴᠤᠷᠠᠩᠭᠤᠢ ᠠᠯᠤᠰ ᠢᠷᠡᠭᠡᠳᠦᠢ ᠲᠠᠢ ᠪᠣᠯᠵᠠᠢ᠃ ᠣᠳᠣᠬᠠᠨ ᠤ ᠳᠡᠯᠡᠬᠡᠢ ᠶᠢᠷᠲᠢᠨᠴᠦ ᠳᠤ ᠬᠤᠪᠢᠰᠤᠯᠲᠠ ᠰᠠᠮᠠᠭᠤᠷᠠᠯ ᠰᠣᠯᠪᠢᠴᠠᠵᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠴᠦ᠂ ᠤᠷᠤᠭᠰᠢᠯᠠᠯᠲᠠ ᠶᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠦᠯᠳᠦᠭᠡᠨ ᠪᠣᠯᠣᠨ ᠲᠣᠬᠲᠠᠯᠭᠠᠳᠤ ᠪᠤᠰᠤ ᠬᠦᠴᠦᠨ ᠵᠦᠢᠯ ᠢ ᠢᠯᠠᠨ ᠳᠠᠪᠠᠭ᠋ᠤ ᠳᠤ᠂ ᠨᠡᠩ ᠴᠤ ︽ᠤᠷᠭᠢᠯ ᠳᠤᠷ ᠠᠪᠠᠷᠢᠬᠤ ᠳᠤ ᠪᠡᠷᠬᠡ ᠠᠴᠠ ᠦᠯᠤ ᠠᠶᠤᠬᠤ︾ ᠡᠷᠴᠢ ᠵᠣᠷᠢᠭ ᠪᠠᠶᠢᠬᠤ ᠬᠡᠷᠡᠭᠲᠡᠢ᠃ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠠᠯᠢᠪᠠ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠭ᠋ᠤ ᠬᠠᠮᠤᠭ ᠤᠨ ᠶᠡᠭᠡ ᠲᠦᠰᠢᠭ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠲᠦᠭ ᠲᠦᠮᠡᠨ ᠠᠷᠠᠳ ᠲᠦᠮᠡᠨ ᠤ ᠥᠪᠡᠷ ᠤᠨ ᠬᠢᠨᠢ ᠦᠢᠯᠡᠰ ᠮᠥᠨ᠂ ᠭᠠᠭᠴᠠ ᠬᠦ ᠠᠷᠠᠳ ᠲᠦᠮᠡᠨ ᠢ ᠴᠢᠩᠭ᠎ᠠ ᠲᠦᠰᠢᠭᠯᠡᠪᠡᠯ ᠰᠠᠶ᠋ᠢ ᠲᠡᠦᠬᠡ ᠶᠢᠨ ᠰᠢᠨ᠎ᠡ ᠠᠭᠤᠤ ᠦᠢᠯᠡᠰ ᠢ ᠲᠠᠰᠤᠷᠠᠯᠳᠠ ᠦᠭᠡᠢ ᠡᠭᠦᠳᠦᠨ ᠪᠦᠲᠦᠭᠡᠵᠦ ᠴᠢᠳᠠᠨ᠎ᠠ᠃ ᠰᠢᠨ᠎ᠡ ᠠᠶᠠᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠭᠡᠬᠦ ᠡᠨᠡ ᠬᠦ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠡᠶᠡᠯᠡᠭᠦᠯᠬᠦ ᠴᠢᠬᠤᠯᠠ ᠪᠠᠶᠢᠭᠤᠯᠤᠯ ᠤᠨ ᠠᠴᠢᠶᠠᠯᠠᠪᠤᠷᠢ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠬᠡᠷᠡᠭᠵᠢᠭᠦᠯᠵᠦ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠲᠦᠮᠡᠨ ᠤ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠡᠨᠡ ᠬᠦ ᠪᠠᠶᠢᠭᠤᠯᠤᠯ ᠤᠨ ᠢᠯᠡᠳᠲᠡ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠪᠠᠯ᠂ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠵᠤ ᠴᠢᠳᠠᠨ᠎ᠠ᠃      ᠪᠦᠭᠦ ᠤᠯᠤᠰ ᠤᠨ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠪᠣᠯ ᠮᠠᠨ ᠤ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠮᠥᠨ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠥᠯᠥᠪᠵᠢᠭᠦᠯᠬᠦ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ᠂ ᠮᠥᠨ ᠴᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠣᠯᠣᠨ᠎ᠠ᠃ ᠵᠠᠩᠭᠢᠯᠠᠭ᠎ᠠ ᠶᠢᠨ ᠵᠢᠯ ᠳᠤ ᠵᠠᠩᠭᠢᠯᠠᠭ᠎ᠠ ᠶᠢᠨ ᠠᠷᠭ᠎ᠠ ᠪᠣᠳᠣᠯᠭ᠎ᠠ ᠶᠢ ᠰᠦᠪᠡᠭᠴᠢᠯᠡᠵᠦ᠂ ᠵᠠᠩᠭᠢᠯᠠᠭ᠎ᠠ ᠶᠢᠨ ᠠᠵᠢᠯ ᠢ ᠬᠢᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠡᠷᠬᠢᠨ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠪᠤᠢ︖ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠣᠯᠣᠨ ᠭᠠᠳᠠᠭᠠᠳᠤ ᠣᠷᠴᠢᠨ ᠤ ᠳᠠᠭᠠᠷᠢᠯᠲᠠ ᠶᠢ ᠬᠡᠷᠬᠢᠨ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠬᠤ ᠪᠤᠢ︖ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠬᠡᠷᠬᠢᠨ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠬᠤ ᠪᠤᠶ︖ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠪᠡᠯ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠯᠠᠪᠲᠠᠢ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠨᠡᠩ ᠶᠡᠭᠡ ᠬᠤᠪᠢ ᠨᠡᠮᠡᠷᠢ ᠦᠵᠡᠭᠦᠯᠭᠦ ᠪᠣᠯᠣᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ᠂ ᠥᠷᠭᠡᠨ ᠤᠯᠠᠨ ᠲᠥᠯᠥᠭᠡᠯᠡᠭᠴᠢ ᠨᠠᠮ ᠪᠠ ᠤᠯᠤᠰ ᠠᠴᠠ ᠠᠷᠠᠳ ᠤᠯᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠣᠯᠵᠤ᠂ ᠪᠣᠳᠠᠲᠠᠢ ᠶᠢ ᠡᠷᠬᠢᠮᠯᠡᠭᠰᠡᠨ ᠲᠤᠰᠠᠲᠠᠢ ︽ᠰᠠᠶᠢᠨ ᠠᠷᠭ᠎ᠠ︾᠎ ᠶᠢ ᠢᠯᠡᠭᠦᠬᠡᠨ ᠭᠠᠷᠭᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ︽ᠢᠷᠠᠭᠤ ᠳᠠᠭᠤᠨ︾᠎ ᠢ ᠳᠠᠮᠵᠢᠭᠤᠯᠬᠤ ᠶᠢ ᠬᠦᠰᠡᠵᠦ ᠪᠠᠶᠢᠨ᠎ᠠ᠃      ᠠᠶᠠᠨ ᠵᠠᠮ ᠳᠤ ᠬᠦᠴᠢᠷ ᠪᠡᠷᠬᠡ ᠣᠯᠠᠨᠲᠠᠢ ᠴᠤ ᠯᠠᠪᠳᠠᠭᠤᠨ ᠪᠠᠲᠤᠲᠠᠢ ᠪᠠᠷ ᠢᠷᠡᠭᠡᠳᠦᠢ ᠵᠦᠭ ᠤᠷᠤᠭᠰᠢᠯᠠᠨ᠎ᠠ᠃ ᠠᠤᠭ᠎ᠠ ᠬᠠᠷᠠᠯᠲᠠ ᠲᠡᠶᠢᠰᠢ ᠦᠷᠭᠦᠯᠵᠢᠯᠡᠨ ᠤᠷᠤᠭᠰᠢᠯᠠᠬᠤ ᠳᠤ ᠪᠢᠳᠡ ᠠᠶᠤᠯ ᠲᠦᠭᠰᠢᠭᠦᠷᠢ ᠶᠢ ᠡᠰᠡᠷᠭᠦᠴᠡᠨ ᠲᠤᠯᠬᠤ᠂ ᠥᠷᠢᠰᠦᠯᠳᠦᠭᠡᠨ ᠢ ᠢᠯᠠᠨ ᠳᠠᠪᠠᠭ᠋ᠤ ᠪᠠᠲᠤ ᠴᠢᠩᠭ᠎ᠠ ᠲᠤᠯᠭᠠᠭᠤᠷᠢᠯᠠᠯ ᠲᠠᠢ᠂ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠦᠴᠦᠷᠬᠡᠭ ᠶᠡᠭᠡ ᠢᠳᠡ ᠬᠦᠴᠦᠨ ᠲᠠᠢ ᠶᠤᠮ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ︽ᠬᠤᠶᠠᠷ ᠢ ᠲᠣᠭᠲᠠᠭᠠᠭᠰᠠᠨ︾᠎ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠨ᠂ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠡᠪᠦᠷᠯᠡᠵᠦ᠂ ᠵᠠᠮ ᠨᠡᠭᠡᠭᠡᠨ ᠤᠷᠤᠭᠰᠢᠯᠠᠨ ᠳᠡᠪᠰᠢᠵᠦ᠂ ᠰᠢᠷᠭᠠᠭᠤ ᠬᠠᠲᠠᠭᠤᠵᠢᠯᠲᠠᠢ ᠲᠡᠮᠡᠴᠡᠪᠡᠯ᠂ ᠪᠢᠳᠡ ᠯᠠᠪᠲᠠᠢ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠡᠭᠦᠯ ᠬᠤᠷᠢᠶᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ᠃      ᠶᠡᠭᠡ ᠬᠤᠷᠠᠯ ᠤᠨ ᠲᠡᠭᠦᠰ ᠠᠮᠵᠢᠯᠲᠠ ᠣᠯᠬᠤ ᠶᠢ ᠵᠥᠩᠨᠡᠶ᠎ᠡ︕                              ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4᠎ ᠤ ᠴᠠᠭᠢᠯᠭᠠᠨ ᠮᠡᠳᠡᠭᠡ︶  
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ