ᠪᠦᠬᠦ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2025 ᠣᠨ ᠤ ᠠᠩᠬᠠᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/7
     3 ᠰᠠᠷ᠎ᠠ ᠶᠢᠨ 6᠎ ᠤ ᠦᠳᠡ ᠶᠢᠨ ᠡᠮᠦᠨ᠎ᠡ᠂ ᠪᠥᠬᠦ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ  ᠬᠠᠮᠠᠭᠠᠯᠠᠯᠲᠠ ᠶᠢᠨ ᠶᠡᠭᠡ ᠬᠤᠷᠠᠯ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2025 ᠣᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠷᠠᠯ ᠢ ᠡᠷᠭᠢᠯᠡᠪᠡ᠃ ᠬᠤᠲᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠳᠠ ᠶᠢᠨ ᠳᠡᠳ᠋ ᠳᠠᠷᠤᠭ᠎ᠠ ᠵᠤᠤ ᠴᠦᠨ ᠢᠦᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ ᠠᠵᠢᠯ ᠤᠨ ᠪᠠᠶᠢᠳᠠᠯ ᠢ ᠮᠡᠳᠡᠭᠦᠯᠵᠦ᠂ ᠬᠤᠯᠪᠣᠭᠳᠠᠯ ᠪᠦᠬᠦᠢ ᠬᠤᠰᠢᠭᠤ ᠲᠣᠭᠤᠷᠢᠭ ᠪᠣᠯᠣᠨ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠢᠨ ᠬᠠᠷᠢᠭᠤ ᠮᠡᠳᠡᠭᠦᠯᠦᠯᠲᠡ ᠬᠢᠪᠡ᠃      ᠯᠢ ᠯᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠩ ᠥᠨᠳᠥᠷ ᠵᠣᠭᠰᠣᠴᠠ᠂ ᠨᠡᠩ ᠶᠡᠭᠡ ᠡᠷᠴᠢᠮ ᠢᠶᠠᠷ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃      ᠯᠢ ᠯᠢ᠂ ᠵᠠᠩᠭᠢᠯᠠᠭ᠎ᠠ ᠭᠤᠣᠯᠳᠠᠯᠭ᠎ᠠ ᠶᠢ ᠴᠢᠩᠭ᠎ᠠ ᠠᠩᠬᠠᠷᠴᠤ᠂ ︽ᠭᠤᠷᠪᠠᠨ ᠶᠡᠭᠡ ᠳᠠᠶᠢᠯᠠᠯᠳᠤᠭᠠᠨ︾᠎ ᠢ ᠰᠠᠶᠢᠲᠤᠷ ᠬᠢᠵᠦ᠂ ᠲᠤᠷᠰᠢᠯᠲᠠ ᠶᠢᠨ ᠴᠡᠭ ᠤᠨ ᠳᠠᠭᠤᠷᠢᠶᠠᠯ ᠦᠵᠡᠭᠦᠯᠬᠦ ᠠᠵᠢᠯ ᠢ ᠰᠠᠶᠢᠲᠤᠷ ᠬᠢᠵᠦ᠂ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠬᠡᠯᠪᠡᠷᠢ ᠪᠠᠨ ᠬᠤᠪᠢᠷᠠᠭᠤᠯᠬᠤ ᠵᠠᠮ ᠢᠶᠠᠷ ᠰᠠᠶᠢᠲᠤᠷ ᠵᠠᠮᠨᠠᠵᠤ᠂ ᠠᠵᠤ ᠠᠬᠤᠢ ᠨᠡᠶᠢᠭᠡᠮ ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠵᠦᠭ ᠬᠡᠯᠪᠡᠷᠢ ᠪᠠᠨ ᠪᠦᠬᠦ ᠲᠠᠯ᠎ᠠ ᠪᠠᠷ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠮᠠᠭᠠᠯᠠᠨ ᠵᠠᠰᠠᠵᠤ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠦᠷᠢᠶ᠎ᠡ ᠴᠠᠷᠠᠭᠠᠨ ᠳᠠᠬᠢ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠠᠨᠢᠯᠲᠠ᠂ ᠵᠢᠭᠰᠠᠭᠠᠨ ᠪᠠᠶᠢᠴᠠᠭᠠᠯᠲᠠ᠂ ᠬᠠᠯᠠᠨ ᠰᠠᠶᠢᠵᠢᠷᠠᠭᠤᠯᠤᠯᠲᠠ᠂ ᠴᠡᠭᠴᠡᠯᠡᠨ ᠵᠠᠰᠠᠯᠲᠠ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠵᠣᠬᠢᠴᠠᠭᠤᠯᠤᠨ ᠬᠤᠯᠪᠣᠯᠳᠤᠭᠰᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠤᠭᠰᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ ︾᠎ ᠤᠨ ᠲᠥᠯᠦᠪᠵᠢᠭᠦᠯᠭᠡ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠬᠡᠷᠡᠭᠲᠡᠢ ᠭᠡᠪᠡ᠃      ᠢᠦᠢ ᠬᠠᠢ ᠢᠦᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠣᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠳᠢᠭᠯᠡᠵᠦ᠂ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠯᠡᠬᠦ ᠶᠢᠨ ᠲᠣᠭᠤᠷᠢᠨ ᠳᠤ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠂ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢᠨ ᠪᠦᠲᠦᠭᠡᠨ ᠪᠠᠶᠢᠭᠤᠯᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ᠂ ᠬᠠᠲᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠤᠯᠢᠵᠢᠯ ᠤᠨ  ᠪᠠᠲᠤᠯᠠᠭ᠎ᠠ ᠶᠢ ᠴᠢᠩᠭᠠᠳᠬᠠᠵᠤ᠂ ᠪᠥᠬᠦ ᠬᠤᠲᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ