ᠬᠢᠶ᠎ᠠ ᠪᠠᠭᠰᠢ ᠲᠣᠭᠤᠷᠢᠭ ︽ᠬᠡᠷᠡᠴᠢ ᠦᠭᠡᠢ ᠬᠤᠲᠠ︾᠎ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠪᠤᠢ
ᠨᠡᠶᠢᠲᠡᠯᠡᠭᠰᠡᠨ ᠴᠠᠭ᠄
2025/3/7
     ᠣᠶᠢᠷ᠎ᠠ ᠶᠢᠨ ᠵᠢᠯ ᠤᠳ ᠲᠤ᠂ ᠬᠢᠶ᠎ᠡ ᠪᠠᠭᠰᠢ ᠲᠣᠭᠤᠷᠢᠭ ᠪᠤᠲᠠᠲᠠᠢ ᠶᠢ ᠡᠷᠬᠢᠮᠯᠡᠬᠦ ᠤᠪᠣᠷ ᠪᠠᠶᠢᠳᠠᠯ ᠢᠶᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠠ ᠶᠢ ᠬᠦᠨᠵᠡᠭᠡᠶᠢᠷᠡᠭᠦᠯᠦᠨ᠂ ︽ᠬᠡᠷᠡᠴᠢ ᠦᠭᠡᠢ ᠬᠤᠲᠠ︾᠎ ᠶᠢᠨ ᠰᠢᠨ᠎ᠡ ᠨᠡᠷ᠎ᠡ ᠶᠢᠨ ᠲᠡᠮᠳᠡᠭᠲᠤ ᠶᠢ ᠴᠢᠷᠮᠠᠶᠢᠨ ᠡᠭᠦᠳᠴᠤ᠂ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ︽ᠨᠢᠭᠡ ᠯᠠ ᠡᠭᠦᠳᠡ  ᠪᠠᠷ ᠣᠷᠣᠵᠤ᠂ ᠬᠠᠮᠤᠭ ᠤᠯᠠᠨ ᠳᠠᠭᠠᠨ ᠨᠢᠭᠡ ᠯᠡ ᠤᠳᠠᠭ᠎ᠠ ᠭᠦᠶᠦᠬᠦ︾᠎ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠥᠪᠰᠢᠨ ᠢᠶᠠᠨ ᠳᠡᠭᠡᠭᠰᠢᠯᠡᠭᠦᠯᠦᠭᠰᠡᠨ ᠪᠠᠶᠢᠨ᠎ᠠ᠃     ︽ᠤᠯᠠᠨ ᠲᠦᠮᠡᠨ ᠢ ᠭᠦᠶᠦᠯᠭᠡᠬᠦ︾᠎ ᠠᠴᠠ ︽ᠲᠤᠭ᠎ᠠ ᠪᠠᠷᠢᠮᠲᠡ ᠶᠢ ᠬᠦᠶᠦᠯᠭᠡᠬᠦ︾ ᠬᠦᠷᠳᠡᠯ᠎ᠡ᠂ ᠬᠢᠶ᠎ᠡ ᠪᠠᠭᠰᠢ ᠲᠣᠭᠤᠷᠢᠭ ᠦᠪᠡᠷᠳᠡᠭᠡᠨ ᠵᠠᠰᠠᠬᠤ ᠤᠷᠣᠨ ᠤ ᠠᠩᠬᠠᠳᠠᠭᠴᠢ ︽ᠬᠡᠷᠡᠴᠢ ᠦᠭᠡᠢ ᠬᠤᠲᠠ︾᠎ ᠶᠢᠨ ᠣᠷᠢᠳ ᠢᠶᠠᠷ ᠬᠡᠷᠡᠭᠵᠢᠭᠦᠯᠬᠦ ᠣᠷᠣᠨ ᠪᠣᠯᠤᠭᠰᠠᠨ ᠤ ᠬᠤᠪᠢ ᠳᠤ᠂ ︽ᠬᠡᠷᠡᠴᠢ ᠦᠭᠡᠢ ᠬᠤᠲᠠ︾᠎ ᠶᠢᠨ ᠬᠡᠷᠡᠭᠯᠡᠭᠡᠨ ᠤ ᠰᠢᠰᠲ᠋ᠧᠮ ᠤᠨ ᠰᠢᠨ᠎ᠡ ᠶᠢ ᠡᠭᠦᠳᠴᠤ ᠰᠤᠳᠤᠯᠤᠨ ᠨᠡᠬᠡᠭᠡᠵᠦ᠂ ᠶᠠᠷᠰᠢᠭ ᠲᠦᠪᠡᠭᠲᠡᠢ ᠬᠡᠷᠡᠴᠢᠯᠡᠬᠦ ᠵᠦᠢᠯᠡᠰ᠂ 144 ᠵᠦᠢᠯ ᠤᠨ ᠬᠡᠷᠡᠴᠢᠯᠡᠬᠦ ᠵᠦᠢᠯᠡᠰ᠂ 193 ᠵᠦᠢᠯ ᠤᠨ ᠬᠡᠷᠡᠴᠢᠯᠡᠬᠦ ᠮᠠᠲ᠋ᠧᠷᠢᠶᠡᠯ ᠢ ᠪᠥᠬᠦ ᠲᠠᠯ᠎ᠠ ᠪᠠᠷ ᠡᠮᠬᠢᠯᠡᠨ ᠲᠢᠭᠯᠡᠵᠦ ᠲᠣᠰᠢᠶᠠᠬᠤ ᠬᠡᠷᠡᠭ ᠦᠭᠡᠢ ᠪᠣᠯᠭᠠᠪᠠ᠃ ᠦᠩᠭᠡᠷᠡᠭᠰᠡᠨ ᠳᠤ ᠲᠥᠪᠡᠭᠲᠡᠢ ᠪᠠᠶᠢᠭᠰᠠᠨ ᠭᠡᠷᠡᠴᠢ ᠶᠢ ᠣᠲᠣ ᠬᠦᠴᠦᠨ ᠦᠭᠡᠢ ᠪᠣᠯᠭᠠᠨ᠂ ᠤᠴᠢᠷ ᠶᠠᠪᠤᠳᠠᠯ ᠰᠢᠢᠳᠪᠤᠷᠢᠯᠡᠬᠦ ᠵᠠᠮ ᠢ ᠰᠠᠭᠠᠳ ᠦᠭᠡᠢ ᠨᠡᠪᠲᠡᠷᠡᠭᠦᠯᠵᠡᠢ᠃     ︽ᠬᠡᠷᠡᠴᠢ ᠦᠭᠡᠢ ᠬᠤᠲᠠ︾᠎ ᠶᠢᠨ ᠬᠡᠷᠡᠭᠯᠡᠭᠡᠨ ᠤ ᠰᠢᠰᠲ᠋ᠧᠮ ᠨᠢ ︽ᠮᠦᠩᠬᠡ ᠰᠤᠪᠠᠭ︾᠎ APP ᠵᠡᠷᠭᠡ ᠲᠠᠪᠴᠡᠩ ᠲᠠᠢ ᠨᠡᠪᠳᠡᠷᠡᠯᠴᠡᠵᠤ᠂ ᠮᠡᠳᠡᠭᠡ ᠵᠠᠩᠬᠢ ᠶᠢ ᠭᠠᠷ ᠤᠳᠡᠰᠳ ᠳᠡᠭᠡᠷ᠎ᠡ ᠰᠢᠢᠳᠪᠦᠷᠢᠯᠡᠵᠦ ᠳᠡᠶᠢᠯᠬᠦ ᠪᠣᠯᠭᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠪᠡᠰᠦᠪᠠᠨ ᠦᠢᠯᠠᠴᠢᠯᠡᠬᠦ‍ ᠨᠢᠭᠡ ᠴᠤᠭᠴᠠᠲᠤ ᠮᠠᠰᠢᠨ ᠢ ᠤᠷᠤᠭᠤᠯᠤᠨ ᠠᠪᠴᠢᠷᠠᠭᠰᠠᠨ ᠨᠢ ᠤᠯᠠᠨ ᠲᠦᠮᠡᠨ ᠤ ᠤᠴᠢᠷ ᠶᠠᠪᠤᠳᠠᠯ ᠢᠶᠠᠨ ᠰᠢᠢᠳᠪᠦᠷᠢᠯᠡᠬᠦ ᠴᠠᠭ ᠢ ᠶᠡᠭᠡ ᠪᠠᠷ ᠠᠷᠪᠢᠯᠠᠭᠰᠠᠨ ᠪᠠᠶᠢᠨ᠎ᠠ᠃ ᠤᠳᠤᠬᠠᠨ ᠪᠣᠯᠳᠠᠯ᠎ᠠ᠂ ᠲᠣᠰ ᠰᠢᠰᠲ᠋ᠧᠮ ᠨᠢ ᠠᠵᠤ ᠠᠬᠤᠶᠢᠯᠠᠯ ᠪᠣᠯᠣᠨ ᠤᠯᠠᠨ ᠲᠦᠮᠡᠨ ᠳᠤ 31355 ᠤᠳᠠᠭ᠎ᠠ ᠶᠢᠨ ᠬᠡᠷᠡᠴᠢᠯᠡᠬᠦ ᠮᠠᠲ᠋ᠧᠷᠢᠶᠡᠯ ᠲᠣᠰᠢᠶᠠᠬᠤ ᠶᠢ ᠬᠠᠰᠣᠵᠤ ᠬᠡᠯᠳᠤᠷᠢᠭᠦᠯᠤᠨ᠂ 3017 ᠤᠳᠠᠭ᠎ᠠ ᠶᠢᠨ ᠬᠡᠷᠡᠴᠢᠯᠡᠬᠦ ᠮᠠᠲ᠋ᠧᠷᠢᠶᠠᠯ ᠢ ᠰᠢᠭᠤᠳ ᠬᠡᠯᠳᠤᠷᠢᠭᠦᠯᠵᠦ᠂ 30 ᠤᠳᠠᠭ᠎ᠠ ᠶᠢᠨ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠦᠨ᠂ ᠰᠠᠯᠠᠭ᠎ᠠ ᠮᠥᠴᠢᠷ ᠤᠨ ᠬᠢᠨ 28308 ᠤᠳᠠᠭ᠎ᠠ ᠶᠢᠨ ᠬᠡᠷᠠᠴᠢ ᠮᠠᠲ᠋ᠧᠷᠢᠶᠠᠯ ᠢ ᠬᠢᠨᠠᠨ ᠪᠠᠶᠢᠴᠠᠭᠠᠪᠠ᠃      ︽15 ᠮᠢᠨᠦ᠋ᠲ ᠤᠨ ᠦᠢᠯᠠᠴᠢᠯᠡᠭᠡᠨ ᠤ ᠲᠤᠭᠤᠷᠢᠭ︾᠎ ᠨᠢ ︽ᠡᠴᠤᠰ ᠤᠨ ᠨᠢᠭᠡ ᠺᠢᠯᠤᠮᠧᠲᠷ︾᠎ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠢᠶ᠎ᠡ ᠪᠠᠭᠰᠢ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠨᠢ ᠦᠨᠳᠦᠰᠤᠨ ᠱᠠᠲᠤᠨ ᠳᠤ ᠬᠦᠷᠳᠡᠯ᠎ᠡ ᠦᠷᠭᠦᠯᠵᠢᠯᠡᠵᠡᠢ᠃ ᠦᠩᠬᠡᠷᠡᠭᠰᠡᠨ ᠳᠤ ᠵᠠᠰᠠᠭ ᠤᠨ ᠶᠠᠪᠤᠳᠡᠯ ᠤᠨ ᠲᠢᠩᠬᠢᠮ ᠳᠤ ᠣᠴᠢᠵᠤ ᠰᠢᠢᠳᠪᠦᠷᠢᠯᠡᠬᠦ ᠴᠢᠬᠤᠯᠠᠲᠠᠢ ᠪᠠᠶᠢᠭᠰᠠᠨ ᠣᠴᠢᠷ ᠶᠠᠪᠤᠳᠠᠯ ᠢᠶᠠᠨ ᠣᠳᠣ ᠭᠡᠷ ᠤᠨ ᠬᠠᠵᠠᠭᠤ ᠪᠠᠷ ᠰᠢᠢᠳᠪᠦᠷᠢᠯᠡᠵᠦ ᠲᠠᠶᠢᠯᠬᠦ ᠪᠣᠯᠪᠠ᠃ ᠣᠳᠣᠬᠠᠨ ᠳᠤ᠂ ᠪᠥᠬᠦ ᠲᠣᠭᠤᠷᠢᠭ ᠤᠨ 4 ᠵᠡᠭᠡᠯᠢ ᠭᠤᠳᠣᠮᠵᠢ᠂ 19 ᠨᠡᠶᠢᠭᠡᠮ ᠲᠤᠭᠤᠷᠢᠭ᠂ 14 ᠰᠠᠯᠠᠭ᠎ᠠ ᠮᠥᠴᠢᠷ ᠤᠨ 110 ᠠᠵᠢᠯᠳᠠᠨ ᠴᠥᠮ ︽ᠬᠡᠷᠡᠴᠢ ᠦᠭᠡᠢ ᠬᠤᠲᠠ︾᠎ ᠶᠢᠨ ᠬᠡᠷᠡᠭᠯᠡᠭᠡᠨ ᠤ ᠰᠢᠰᠲ᠋ᠧᠮ ᠤᠨ ᠪᠣᠯᠪᠡᠰᠷᠡᠯ ᠬᠢᠵᠤ᠂ ᠰᠢᠰᠲ᠋ᠧᠮ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠰᠦᠯᠵᠢᠶᠡᠨ ᠳᠤ ᠭᠠᠷᠭᠠᠪᠠ᠃ ᠡᠨᠡ ᠨᠢ ᠦᠢᠯᠡᠴᠢᠯᠡᠭᠡᠨ ᠤ ᠦᠷᠭᠦᠯᠵᠢᠯᠡᠯ ᠪᠣᠯᠬᠤ ᠪᠠᠷ ᠪᠠᠷᠠᠬᠤ ᠦᠭᠡᠢ᠂ ᠨᠡᠩ ᠴᠦ ᠬᠢᠶ᠎ᠡ ᠪᠠᠭᠰᠢ ᠲᠤᠭᠤᠷᠢᠭ ᠤᠨ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠤ ᠲᠤᠬᠠᠢ ᠠᠮᠢᠳᠤᠯᠢᠭ ᠲᠠᠶᠢᠯᠪᠤᠷᠢᠯᠠᠯᠲᠠ ᠪᠣᠯᠣᠨ᠎ᠠ᠃     ᠤᠳᠤᠬᠠᠨ ᠳᠤ᠂ ᠬᠢᠶ᠎ᠡ ᠪᠠᠭᠰᠢ ᠲᠤᠭᠤᠷᠢᠭ ᠤᠨ ︽ᠬᠡᠷᠡᠴᠢ ᠦᠭᠡᠢ ᠬᠤᠲᠠ︾᠎ ᠶᠢᠨ ᠪᠦᠳᠦᠭᠡᠨ ᠪᠠᠶᠢᠭᠤᠯᠤᠯᠲᠠ ᠨᠢᠭᠡᠨᠲᠡ ᠢᠯᠡᠳᠲᠠ ᠦᠷ᠎ᠡ ᠪᠦᠲᠦᠮᠵᠢ ᠣᠯᠵᠤ᠂ ᠠᠵᠤ ᠠᠬᠤᠶᠢᠯᠡᠯ ᠢ ᠬᠦᠴᠦᠨ ᠦᠭᠡᠢ ᠪᠣᠯᠭᠠᠬᠤ ᠳᠤ ᠭᠠᠶᠢᠯᠢ ᠶᠢᠨ ᠬᠡᠷᠡᠴᠢ ᠶᠢ ᠳᠠᠬᠢᠵᠤ ᠬᠡᠷᠡᠭᠯᠡᠬᠦ ᠦᠭᠡᠢ᠂ ᠤᠯᠠᠨ ᠲᠦᠮᠡᠨ ᠠᠵᠢᠯ ᠶᠠᠪᠤᠳᠠᠯ ᠢᠶᠠᠨ ᠰᠢᠢᠳᠪᠦᠷᠢᠯᠡᠬᠦ ᠳᠤ ᠳᠠᠬᠢᠵᠤ ᠨᠠᠭᠠᠰᠢ ᠴᠠᠭᠠᠰᠢ ᠭᠦᠶᠦᠬᠦ ᠴᠢᠬᠤᠯᠠ ᠦᠭᠡᠢ ᠪᠣᠯᠵᠠᠢ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ