ᠣᠶᠢᠷ᠎ᠠ ᠳᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠭᠠᠭᠰᠠᠨ ᠢᠶᠠᠷ᠂ 1 —2 ᠰᠠᠷ᠎ᠠ ᠳᠤ᠂ ᠪᠥᠬᠦ ᠬᠤᠲᠠ ᠶᠢᠨ ᠨᠡᠶᠢᠬᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠪᠥᠬᠦ ᠲᠤᠭ᠎ᠠ 10.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4. | 7% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 1.2 ᠳᠡᠭᠡᠭᠰᠢᠯᠡᠵᠡᠢ᠃ ᠡᠭᠦᠨ ᠳᠤ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 44.1 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠠᠴᠠ 5.4% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 2.5 | ᠳᠡᠭᠡᠭᠰᠢᠯᠡᠪᠡ᠃ | ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪᠴᠢᠶᠡᠵᠢᠯ ᠥᠷᠭᠡᠵᠢᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠪᠣᠷᠣᠯᠠᠭᠤᠯᠬᠤ | ᠵᠢᠵᠢᠭᠯᠡᠨ ᠪᠣᠷᠣᠯᠠᠭᠤᠯᠬᠤ ᠪᠠ ᠬᠤᠨᠤᠭ ᠪᠠᠭᠤᠳᠠᠯ ᠢᠳᠡᠭᠡᠨ ᠤ ᠨᠢᠭᠡᠴᠢ ᠨᠡᠶᠢᠲᠡ 868 ᠡᠷᠦᠬᠡ ᠳᠤ ᠬᠦᠷᠴᠦ᠂ ᠡᠭᠦᠨ ᠳᠤ᠂ ᠬᠠᠤᠯᠢ ᠶᠢᠨ ᠡᠷᠬᠡᠲᠡᠨ ᠤ ᠠᠵᠤ | ᠠᠬᠤᠶᠢᠯᠠᠯ 557 ᠡᠷᠦᠬᠡ᠂ ᠠᠵᠤ ᠦᠢᠯᠡᠰ ᠤᠨ ᠠᠵᠢᠯᠯᠠᠭᠠᠨ ᠤ ᠨᠢᠭᠡᠴᠢ ᠵᠢᠴᠢ ᠬᠤᠪᠢ ᠶᠢᠨ ᠡᠵᠡᠩᠨᠡᠯᠲᠡ ᠶᠢᠨ ᠡᠷᠦᠬᠡ 311 ᠡᠷᠦᠬᠡ ᠪᠣᠢ᠃ 2024 ᠣᠨ ᠤ | ᠰᠡᠭᠦᠯᠴᠢ ᠰᠢᠨ᠎ᠡ ᠪᠠᠷ ᠬᠥᠮᠥᠷᠭᠡ ᠳᠤ ᠣᠷᠣᠯᠴᠠᠭᠰᠠᠨ ᠨᠢᠭᠡᠴᠢ ᠨᠡᠶᠢᠲᠡ 113 ᠡᠷᠦᠬᠡ ᠪᠠᠶᠢᠵᠤ᠂ ᠡᠭᠦᠨ ᠳᠤ ᠠᠵᠤ ᠠᠬᠤᠶᠢᠯᠠᠯ ᠤᠨ ᠬᠥᠮᠥᠷᠭᠡ ᠳᠤ | ᠣᠷᠣᠭᠤᠯᠤᠭᠰᠠᠨ ᠡᠷᠦᠬᠡ 51 ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠶᠢ | ᠵᠠᠭᠤᠨ ᠤ ᠬᠤᠪᠢ ᠶᠢᠨ ᠬᠠᠷᠢᠴᠠᠯ ᠢᠶᠠᠷ 0.7 ᠳᠠᠶᠢᠴᠢᠯᠠᠪᠠ᠃ | ᠲᠠᠸᠠᠷ ᠤᠨ ᠵᠢᠵᠢᠭᠯᠡᠨ ᠪᠣᠷᠣᠯᠠᠭᠤᠯᠬᠤ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ 20 | ᠲᠥᠷᠥᠯ ᠤᠨ ᠭᠤᠣᠯ ᠪᠣᠯᠬᠤ ᠵᠢᠵᠢᠭᠯᠡᠨ ᠪᠣᠷᠣᠯᠠᠭᠤᠯᠬᠤ ᠲᠠᠸᠠᠷ ᠤᠨ ᠳᠣᠲᠣᠷ᠎ᠠ᠂ 11 ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠨᠡᠮᠡᠭᠳᠡᠵᠦ᠂ | ᠨᠡᠮᠡᠭᠳᠡᠭᠰᠡᠨ ᠬᠡᠪᠴᠢᠶᠡᠵᠢᠯ ᠨᠢ 55.0% ᠲᠤ ᠬᠥᠷᠪᠡ᠃ ᠡᠭᠦᠨ ᠳᠤ᠂ ᠠᠮᠤ ᠲᠣᠰᠣ᠂ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 7.5% ᠪᠠᠷ | ᠨᠡᠮᠡᠭᠳᠡᠪᠡ︔ ᠠᠷᠢᠬᠢ ᠲᠠᠮᠠᠬᠢᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 20.6% ᠪᠠᠷ ᠨᠡᠮᠡᠭᠳᠡᠪᠡ︔ ᠬᠢᠲᠠᠳ ᠡᠸᠦ᠋ᠷᠦᠫᠡ ᠡᠮ ᠤᠨ ᠲᠥᠷᠥᠯ ᠠᠳᠠᠯᠢ | ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠢ ᠵᠢᠵᠢᠭᠯᠡᠨ ᠪᠣᠷᠣᠯᠠᠭᠤᠯᠤᠭᠰᠠᠨ | ᠲᠤᠭ᠎ᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ ᠨᠡᠶᠢᠲᠡ 1.5 ᠳᠠᠶᠢᠴᠢᠯᠠᠪᠠ᠃ | ᠮᠠᠰᠢᠨ ᠲᠡᠷᠭᠡᠨ ᠤ ᠲᠥᠷᠥᠯ ᠤᠨ ᠲᠠᠸᠠᠷ ᠤᠨ ᠨᠡᠮᠡᠭᠳᠡᠯ ᠤᠨ ᠬᠠᠨᠳᠤᠰᠢ ᠲᠣᠭᠲᠠᠭᠤᠨ ᠪᠠᠶᠢᠨ᠎ᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠮᠠᠰᠢᠨ | ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ15.1 ᠳ᠋ᠦᠩᠰᠢᠭᠤᠷ ᠲᠥᠭᠦᠷᠢᠭ ᠪᠠᠶᠢᠵᠤ᠂ ᠨᠢᠭᠡᠴᠢ ᠬᠡᠷᠡᠭᠯᠡᠭᠡᠨ ᠤ ᠵᠦᠢᠯ ᠤᠨ | ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ ᠨᠢ 34.2% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠨ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠶᠢ ᠵᠠᠭᠤᠨ ᠤ | ᠬᠤᠪᠢ ᠶᠢᠨ ᠬᠠᠷᠢᠴᠠᠯ ᠢᠶᠠᠷ 3.4 ᠳᠡᠭᠡᠭᠰᠢᠯᠡᠭᠦᠯᠪᠡ᠃ ᠡᠭᠦᠨ ᠳᠤ᠂ ᠰᠢᠨ᠎ᠡ ᠡᠨᠧᠷᠬᠢ ᠶᠢᠨ ᠮᠠᠰᠢᠨ ᠲᠡᠷᠭᠡᠨ ᠤ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠨᠢ ᠳᠡᠭᠡᠷ᠎ᠡ | ᠳᠤᠷᠠᠳᠤᠭᠰᠠᠨ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠶᠢᠨ 48.3% ᠶᠢ ᠡᠵᠡᠯᠡᠵᠤ᠂ ᠠᠳᠠᠯᠢ ᠬᠤᠭᠤᠴᠠᠭᠠᠨ ᠤ ᠬᠢ ᠠᠴᠠ 42. | 6% ᠪᠠᠷ ᠨᠡᠮᠡᠭᠳᠡᠪᠡ᠃ | ᠴᠢᠯᠠᠭᠤᠨ ᠲᠣᠰᠣᠨ ᠤ ᠦᠢᠯᠡᠳᠬᠦᠨ ᠤ ᠲᠥᠷᠥᠯ ᠤᠨ ᠲᠠᠸᠠᠷ ᠤᠨ ᠨᠡᠮᠡᠭᠳᠡᠯ ᠲᠦᠷᠭᠡᠨ ᠪᠣᠯᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ | ᠴᠢᠯᠠᠭᠤᠨ ᠲᠣᠰᠣ ᠵᠢᠴᠢ ᠦᠢᠯᠡᠳᠬᠦᠨ ᠤ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 7.8 ᠳ᠋ᠦᠩᠰᠢᠭᠤᠷ ᠲᠥᠭᠦᠷᠢᠭ ᠪᠠᠶᠢᠵᠤ᠂ ᠨᠢᠭᠡᠴᠢ | ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ ᠨᠢ 17.7% ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 3.5% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 31.2 ᠨᠡᠮᠡᠭᠳᠡᠵᠦ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠶᠢ ᠵᠠᠭᠤᠨ ᠤ ᠬᠤᠪᠢ ᠶᠢᠨ | ᠬᠠᠷᠢᠴᠠᠯ ᠢᠶᠠᠷ 0.6 ᠳᠡᠭᠡᠭᠰᠢᠯᠡᠭᠦᠯᠪᠡ᠃ | ᠰᠦᠯᠵᠢᠶᠡᠨ ᠳᠡᠭᠡᠷᠡᠬᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠣᠯᠠᠨ | ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 3.7 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 18.2% ᠢᠶᠠᠷ ᠨᠡᠮᠡᠭᠳᠡᠨ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ | ᠵᠢᠵᠢᠭᠯᠡᠨ ᠪᠣᠷᠣᠯᠠᠭᠤᠯᠤᠭᠰᠠᠨ ᠲᠤᠭ᠎ᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 1.3 ᠨᠡᠮᠡᠭᠳᠡᠭᠦᠯᠵᠦ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠣᠭᠠᠨ ᠤ 8.4% ᠶᠢ ᠡᠵᠡᠯᠡᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | ᠵᠠᠭᠤᠨ ᠤ ᠬᠤᠪᠢ ᠶᠢᠨ ᠬᠠᠷᠢᠴᠠᠯ ᠢᠶᠠᠷ 0.7 ᠳᠡᠭᠡᠭᠰᠢᠯᠡᠪᠡ᠃ | | |