ᠣᠶᠢᠷ᠎ᠠ ᠶᠢᠨ ᠡᠳᠦᠷ᠂ ᠣᠷᠳᠣᠰ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ 6.0 ᠬᠡᠪᠯᠡᠯ ᠤᠨ ᠠᠵᠢᠯᠯᠠᠭᠠᠨ ᠤ ᠲᠥᠰᠥᠯ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠣᠷᠳᠣᠰ ᠬᠤᠲᠠ ᠶᠢᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠶᠠᠪᠤᠭᠳᠠᠪᠠ᠃ | ᠣᠶᠢᠯᠠᠭᠠᠭᠰᠠᠨ ᠢᠶᠠᠷ᠂ ︽ᠣᠷᠳᠣᠰ ᠬᠤᠲᠠ ᠶᠢᠨ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠦᠷᠭᠦᠯᠵᠢᠯᠡᠨ ᠡᠭᠦᠳᠬᠦ ᠠᠵᠢᠯᠯᠠᠭᠠᠨ ᠤ | ᠲᠥᠰᠥᠯ ︵6.0 ᠬᠡᠪᠯᠡᠯ︶︾ ︵ᠳᠣᠷᠣᠭᠰᠢ 6.0 ᠬᠡᠪᠯᠡᠯ ᠤᠨ ᠠᠵᠢᠯᠯᠠᠭᠠᠨ ᠤ ᠲᠥᠰᠥᠯ ᠭᠡᠵᠦ ᠲᠣᠪᠴᠢᠯᠠᠨ᠎ᠠ︶ ᠳᠤ ᠭᠤᠣᠯᠳᠠᠭᠤ 4 ᠲᠠᠯ᠎ᠠ ᠶᠢᠨ 70 | ᠵᠦᠢᠯ ᠤᠨ ᠳᠡᠭᠡᠭᠰᠢᠯᠡᠭᠦᠯᠬᠦ ᠠᠵᠢᠯ ᠤᠨ ᠠᠷᠭ᠎ᠠ ᠬᠡᠮᠵᠢᠶ᠎ᠡ ᠪᠠᠭᠲᠠᠨ᠎ᠠ᠃ ᠡᠭᠦᠨ ᠳᠤ᠂ ᠱᠠᠩᠬᠠᠢ ᠬᠤᠲᠠ ᠶᠢᠨ ᠨᠡᠶᠢᠲᠡᠯᠢᠭ ᠠᠷᠭ᠎ᠠ ᠲᠤᠷᠰᠢᠯᠭ᠎ᠠ ᠪᠠᠷ ᠪᠠᠷᠢᠮᠵᠢᠶᠠᠯᠠᠭᠰᠠᠨ | ᠠᠵᠢᠯ ᠤᠨ ᠠᠷᠭ᠎ᠠ ᠬᠡᠮᠵᠢᠶ᠎ᠡ 12 ᠵᠦᠢᠯ ᠪᠣᠶ︔ ᠬᠠᠩᠵᠧᠦ ᠬᠤᠲᠠ ᠶᠢᠨ ᠨᠡᠶᠢᠲᠡᠯᠢᠭ ᠠᠷᠭ᠎ᠠ ᠲᠤᠷᠰᠢᠯᠭ᠎ᠠ ᠪᠠᠷ ᠪᠠᠷᠢᠮᠵᠢᠶᠠᠯᠠᠭᠰᠠᠨ ᠠᠵᠢᠯ ᠤᠨ ᠠᠷᠭ᠎ᠠ ᠬᠡᠮᠵᠢᠶ᠎ᠡ 7 | ᠵᠦᠢᠯ ᠪᠤᠢ︔ ᠪᠡᠭᠡᠵᠢᠩ᠂ ᠴᠦᠩᠴᠢᠩ᠂ ᠭᠤᠸᠠᠩᠵᠸᠤ᠂ ᠱᠧᠨᠵᠧᠨ ᠵᠡᠷᠭᠡ ᠬᠤᠳᠠᠯᠳᠤᠭ᠎ᠠ ᠡᠬᠢᠯᠡᠬᠦ ᠣᠷᠴᠢᠨ ᠠᠬᠤᠢ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ | ᠴᠡᠭ ᠤᠨ ᠬᠤᠲᠠ ᠶᠢᠨ ᠨᠡᠶᠢᠲᠡᠯᠢᠭ ᠠᠷᠭ᠎ᠠ ᠲᠤᠷᠰᠢᠯᠭ᠎ᠠ ᠪᠠᠷ ᠪᠠᠷᠢᠮᠵᠢᠶᠠᠯᠠᠭᠰᠠᠨ ᠠᠵᠢᠯ ᠤᠨ ᠠᠷᠭ᠎ᠠ ᠬᠡᠮᠵᠢᠶ᠎ᠡ 10 ᠵᠦᠢᠯ ᠪᠤᠢ︔ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ 41 ᠵᠦᠢᠯ ᠤᠨ ᠰᠢᠨ᠎ᠡ ᠶᠢ ᠡᠭᠦᠳᠬᠦ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ ᠨᠢᠭᠡ ᠳᠤ᠂ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠲᠡᠷᠢᠭᠦᠨ ᠤ ᠪᠠᠷᠢᠮᠵᠢᠶ᠎ᠠ ᠪᠠᠷ ᠪᠠᠷᠢᠮᠵᠢᠶᠠᠯᠠᠨ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠳᠡᠯᠡᠬᠡᠢ ᠶᠢᠨ ᠪᠠᠩᠬᠢ ᠶᠢᠨ ᠦᠨᠡᠯᠡᠨ ᠵᠢᠱᠢᠬᠦ ᠳᠤ ᠬᠤᠯᠪᠣᠭᠳᠠᠭᠰᠠᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠡᠵᠡᠩᠨᠡᠯᠲᠡ ᠶᠢᠨ ᠲᠠᠯᠠᠪᠤᠷ | ᠭᠠᠵᠠᠷ ᠣᠯᠬᠤ᠂ ᠣᠯᠠᠨ ᠨᠡᠶᠢᠲᠡ ᠶᠢᠨ ᠰᠠᠭᠤᠷᠢ ᠦᠢᠯᠡᠴᠢᠯᠡᠭᠡ᠂ ᠬᠥᠳᠡᠯᠮᠦᠷᠢ ᠠᠵᠢᠯ ᠣᠯᠭᠤᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠣᠯᠠᠨ ᠤᠯᠤᠰ ᠤᠨ | ᠠᠷᠠᠯᠵᠢᠶ᠎ᠠ᠂ ᠭᠠᠶᠢᠯᠢ ᠲᠤᠰᠢᠶᠠᠬᠤ᠂ ᠬᠤᠳᠠᠯᠳᠤᠭᠠᠨ ᠤ ᠵᠠᠭᠤᠷᠠᠯᠳᠤᠭᠠᠨ ᠢ ᠰᠢᠢᠳᠪᠦᠷᠢᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠠᠬᠢᠭᠤᠯᠬᠤ᠂ ᠠᠵᠤ | ᠠᠬᠤᠶᠢᠯᠠᠯ ᠤᠨ ᠳᠠᠮᠫᠤᠷᠠᠯ ᠢ ᠠᠬᠢᠭᠤᠯᠬᠤ ᠵᠡᠷᠭᠡ 10 ᠭᠤᠣᠯᠳᠠᠯᠭ᠎ᠠ ᠲᠠᠢ ᠳᠡᠭᠡᠭᠰᠢᠯᠡᠭᠦᠯᠬᠦ ᠠᠵᠢᠯ ᠤᠨ ᠠᠷᠭ᠎ᠠ ᠬᠡᠮᠵᠢᠶ᠎ᠡ ᠶᠢ ᠪᠠᠭᠲᠠᠭᠠᠭᠰᠠᠨ ᠨᠡᠶᠢᠲᠡ 43 ᠵᠦᠢᠯ ᠤᠨ | ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠪᠠᠭᠲᠠᠭᠠᠨ᠎ᠠ᠃ ᠬᠤᠶᠠᠷ ᠲᠤ ᠤᠴᠢᠷ ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠬᠦ ᠠᠵᠤ ᠠᠬᠤᠶᠢᠯᠠᠯ ᠳᠤ | ᠬᠤᠯᠪᠣᠭᠳᠠᠬᠤ ᠶᠡᠷᠦᠩᠬᠡᠶᠢᠯᠡᠭᠰᠡᠨ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠣᠷᠣᠰᠢᠨ | ᠠᠮᠢᠳᠤᠷᠠᠬᠤ ᠳᠤ ᠲᠠᠭᠠᠯᠠᠮᠵᠢᠲᠠᠢ ᠦᠢᠯᠡᠴᠢᠯᠡᠭᠡ᠂ ᠰᠢᠨ᠎ᠡ ᠶᠢ ᠡᠭᠦᠳᠬᠦ ᠳᠡᠮᠵᠢᠯᠭᠡ᠂ ᠢᠲᠡᠭᠡᠮᠵᠢ ᠶᠢᠨ ᠳᠡᠮᠵᠢᠯᠭᠡ ᠵᠡᠷᠭᠡ 4 ᠭᠦᠢᠴᠡᠳᠬᠡᠯ ᠲᠤᠭ᠎ᠠ ᠶᠢ ᠪᠠᠭᠲᠠᠭᠠᠭᠰᠠᠨ | ᠨᠡᠶᠢᠲᠡ 15 ᠵᠦᠢᠯ ᠤᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠪᠠᠭᠲᠠᠭᠠᠨ᠎ᠠ᠃ ᠭᠤᠷᠪᠠ ᠳᠤ᠂ ᠡᠵᠡᠩᠨᠡᠯᠲᠡ ᠶᠢᠨ ᠭᠤᠣᠯ ᠴᠣᠭᠴᠠ ᠶᠢᠨ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠳᠤ ᠬᠤᠯᠪᠣᠭᠳᠠᠭᠰᠠᠨ ᠴᠢᠨᠠᠷᠵᠢᠯ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠵᠠᠰᠠᠭ ᠠᠵᠤ ᠠᠬᠤᠶᠢᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠪᠠᠷ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠬᠤ 2 ᠲᠠᠯ᠎ᠠ ᠶᠢᠨ 9 ᠵᠦᠢᠯ ᠤᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠪᠠᠭᠲᠠᠭᠠᠨ᠎ᠠ᠃ ᠳᠥᠷᠪᠡ ᠳᠤ᠂ ᠣᠷᠣᠨ | ᠪᠦᠰᠡ ᠶᠢᠨ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠬᠤᠰᠢᠭᠤ | ᠲᠣᠭᠤᠷᠢᠭ᠂ ᠠᠵᠤ ᠠᠬᠤᠢ ᠶᠢᠨ ᠨᠡᠭᠡᠭᠡᠯᠲᠡ ᠶᠢᠨ ᠣᠷᠣᠨ ︵ᠬᠦᠷᠢᠶᠡᠯᠡᠩ ᠲᠣᠭᠤᠷᠢᠭ︶ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ︽ᠨᠢᠭᠡ ᠣᠷᠣᠨ ᠪᠦᠰᠡ | ᠨᠢᠭᠡ ᠣᠨᠴᠠᠯᠢᠭ︾ ᠤᠨ ᠪᠠᠶᠢᠭᠤᠯᠤᠯᠲᠠ ᠶᠢ ᠠᠬᠢᠭᠤᠯᠵᠤ᠂ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ | ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ 3 ᠵᠦᠢᠯ ᠤᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ | ᠪᠠᠭᠲᠠᠭᠠᠨ᠎ᠠ᠃ | ᠣᠳᠣᠬᠠᠨ ᠪᠣᠯᠲᠠᠯ᠎ᠠ᠂ ᠣᠷᠳᠣᠰ ᠬᠤᠲᠠ ᠨᠢᠭᠡᠨᠲᠡ ᠨᠡᠶᠢᠲᠡ 1200 ᠭᠠᠷᠤᠢ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠯ᠎ᠡ | ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠡᠭᠦᠳᠦᠨ ᠥᠭᠴᠦ᠂ ᠲᠡᠷᠢᠭᠦᠨ ᠤ ᠬᠤᠳᠠᠯᠳᠤᠭ᠎ᠠ ᠡᠷᠭᠢᠯᠡᠬᠦ | ᠣᠷᠴᠢᠨ ᠠᠬᠤᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃ | | | |