ᠣᠶᠢᠷ᠎ᠠ ᠳᠤ᠂ ᠬᠢᠶ᠎ᠡ ᠪᠠᠭᠰᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ ᠵᠢᠴᠢ ︽ᠬᠢᠶ᠎ᠡ ᠪᠠᠭᠰᠢ ᠶᠢᠨ ᠨᠡᠶᠢᠲᠡᠯᠡᠯ︾ ᠵᠢᠷᠬᠢᠶ᠎ᠡ ᠶᠢᠨ | ᠨᠡᠶᠢᠲᠡ ᠶᠢᠨ ᠲᠠᠪᠴᠠᠩ ᠨᠢ DeepSeek ᠲᠣᠮᠣ ᠵᠠᠬᠠᠪᠤᠷ ᠢ ᠵᠢᠩᠬᠢᠨᠢ ᠪᠠᠷ ᠵᠠᠯᠭᠠᠨ ᠤᠷᠤᠭᠤᠯᠵᠤ᠂ ᠣᠶᠣᠨᠴᠢᠯᠠᠭᠰᠠᠨ ᠣᠶᠢᠯᠠᠴᠢᠯᠡᠭᠡᠨ ᠤ ᠰᠢᠨ᠎ᠡ ᠵᠠᠭᠪᠤᠷ ᠢ | ᠨᠡᠬᠡᠭᠡᠨ᠂ ᠠᠵᠤ ᠠᠬᠤᠶᠢᠯᠠᠯ ᠪᠠ ᠤᠯᠠᠨ ᠲᠦᠮᠡᠨ ᠳᠤ ᠨᠠᠩ ᠦᠨᠳᠣᠷ ᠪᠦᠳᠦᠮᠵᠢᠲᠡᠢ᠂ ᠲᠦᠭᠦᠮ ᠲᠦᠳᠡ᠂ ᠦᠪᠡᠷᠮᠢᠴᠡ ᠣᠨᠴᠠᠯᠢᠭ ᠲᠠᠢ ᠵᠠᠰᠠᠭ ᠤᠨ ᠶᠠᠪᠤᠳᠡᠯ ᠤᠨ | ᠦᠢᠯᠡᠴᠢᠯᠡᠭᠡᠨ ᠤ ᠰᠢᠨ᠎ᠡ ᠦᠢᠯᠠᠭᠠᠯᠲᠠ ᠬᠠᠩᠭᠠᠬᠤ ᠶᠢ ᠪᠠᠶᠡᠯᠡᠭᠦᠯᠦᠭᠰᠡᠨ ᠪᠠᠶᠢᠨ᠎ᠠ᠃ | ᠠᠵᠤ ᠠᠬᠤᠶᠢᠯᠡᠯ ᠪᠠ ᠤᠯᠠᠨ ᠲᠦᠮᠡᠨ ᠬᠢᠶ᠎ᠡ ᠪᠠᠭᠰᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ ᠶᠢᠨ ︽ᠵᠠᠰᠠᠭ ᠠᠷᠠᠳ ᠤᠨ | ᠬᠠᠷᠢᠯᠴᠠᠭ᠎ᠠ — ᠣᠶᠤᠨᠴᠢ ᠠᠰᠠᠭᠤᠨ ᠯᠡᠪᠯᠡᠯᠭᠠ︾᠂ ︽ᠬᠢᠶ᠎ᠡ ᠪᠠᠭᠰᠢ ᠶᠢᠨ ᠨᠡᠶᠢᠲᠡᠯᠡᠯ︾ ᠵᠢᠷᠬᠢᠶ᠎ᠡ ᠶᠢᠨ ᠨᠡᠶᠢᠳᠡ ᠶᠢᠨ ᠲᠠᠪᠴᠠᠩ ᠤᠨ ᠰᠦᠯᠵᠢᠶᠡᠨ ᠳᠡᠭᠡᠷᠡᠬᠢ | ᠠᠰᠠᠭᠤᠨ ᠯᠠᠪᠯᠡᠯᠭᠠ — ︽ᠣᠶᠤᠨᠴᠢ ᠵᠠᠰᠠᠭ ᠤᠨ ᠶᠠᠪᠤᠳᠠᠯ ᠤᠨ AI︾ ᠪᠣᠯᠤᠩ ᠳᠤ ᠭᠠᠷᠠᠬᠤ ᠪᠠᠷ ᠲᠠᠮᠵᠢᠭᠤᠯᠤᠨ᠂ ᠵᠠᠰᠠᠭ ᠤᠨ ᠶᠠᠪᠤᠳᠠᠯ ᠤᠨ ᠢᠯᠡ ᠯᠠᠪᠯᠠᠯᠭ᠎ᠠ | ᠪᠠ ᠣᠶ᠋ᠳᠴᠢ ᠬᠠᠶᠢᠯᠲᠠ ᠶᠢᠨ ᠦᠢᠯᠡᠴᠢᠯᠡᠭᠡ ᠶᠢ ᠴᠠᠭ ᠲᠤᠬᠠᠢ ᠳᠤᠨᠢ ᠲᠠᠰᠤᠷᠠᠯᠲᠠ ᠦᠭᠡᠢ ᠬᠡᠷᠡᠭᠯᠡᠵᠦ ᠪᠣᠯᠣᠨ᠎ᠠ᠃ ᠳᠠᠪᠴᠠᠩ ᠨᠢ ᠲᠦᠷᠦ ᠶᠢᠨ ᠪᠣᠳᠣᠯᠭ᠎ᠠ ᠶᠢᠨ | ᠵᠦᠢᠯ ᠵᠤᠷᠪᠣᠰ ᠵᠡᠷᠭᠡ ᠶᠢ ᠤᠯᠠᠨ ᠲᠦᠮᠡᠨ ᠲᠠᠢ ᠣᠶᠢᠷᠠᠳᠤᠭᠰᠠᠨ᠂ ᠲᠦᠬᠦᠮ ᠣᠶᠢᠯᠠᠭᠠᠮᠵᠢ ᠲᠠᠢ ᠦᠭᠦᠯᠡᠯᠲᠡ ᠪᠣᠯᠭᠠᠨ ᠬᠤᠪᠢᠷᠠᠭᠤᠯᠵᠤ᠂ ᠤᠯᠠᠨ ᠲᠦᠮᠡᠨ ᠢ | ᠬᠠᠪᠰᠤᠷᠤᠨ ᠲᠦᠷᠤ ᠶᠢᠨ ᠪᠣᠳᠣᠯᠭ᠎ᠠ ᠶᠢᠨ ᠭᠤᠣᠯᠳᠠᠯᠭ᠎ᠠ ᠶᠢ ᠲᠦᠷᠭᠡᠨ ᠣᠶᠢᠯᠠᠭᠠᠭᠤᠯᠬᠤ ᠶᠢᠨ ᠬᠠᠮᠲᠤ᠂ ᠣᠯᠠᠨ ᠲᠦᠮᠡᠨ ᠤ ᠦᠪᠡᠷᠮᠢᠴᠡ ᠬᠡᠷᠡᠭᠴᠡᠭᠡ ᠱᠠᠭᠠᠷᠳᠡᠯᠭ᠎ᠠ | ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠢ ᠠᠰᠠᠭᠤᠳᠠᠯ ᠤᠨ ᠬᠠᠷᠢᠭᠤᠯᠲᠠ ᠬᠠᠩᠭᠠᠵᠤ᠂ ᠤᠯᠠᠨ ᠲᠦᠮᠡᠨ ᠤ ᠣᠶᠢᠯᠠᠭᠠᠯᠲᠠ ᠶᠢᠨ ᠲᠦᠷᠦᠭᠳᠡᠯ ᠢ ᠶᠡᠭᠡ ᠪᠠᠷ | ᠳᠡᠭᠡᠭᠰᠢᠯᠡᠭᠦᠯᠪᠡ᠃ ᠡᠭᠦᠨ ᠤ ᠬᠠᠮᠲᠤ᠂ ᠬᠤᠪᠢ ᠬᠦᠮᠤᠨ ᠪᠠ ᠠᠵᠤ ᠠᠠᠤᠶᠢᠯᠡᠯ ᠤᠨ ᠠᠵᠢᠯ ᠶᠠᠪᠤᠳᠠᠯ ᠬᠦᠢᠴᠠᠳᠭᠡᠬᠦ ᠬᠡᠷᠡᠭᠴᠡᠭᠡ ᠱᠠᠭᠠᠷᠳᠡᠯᠭ᠎ᠠ ᠶᠢ ᠣᠶ᠋ᠳᠴᠢ ᠪᠠᠷ | ᠢᠯᠭᠠᠨ ᠲᠠᠨᠢᠬᠤ ᠪᠠᠷ ᠲᠠᠮᠵᠢᠭᠤᠯᠤᠨ ᠬᠡᠷᠡᠭᠰᠡᠬᠦ ᠮᠠᠲ᠋ᠧᠷᠢᠶᠡᠯ᠂ ᠬᠦᠢᠴᠡᠳᠭᠡᠬᠦ ᠶᠠᠪᠤᠴᠠ ᠵᠡᠷᠭᠡ ᠵᠠᠩᠬᠢᠯᠠᠭ᠎ᠠ ᠶᠢᠨ ᠮᠡᠳᠡᠭᠡ ᠵᠠᠩᠬᠢ ᠶᠢ ᠨᠠᠷᠢᠯᠢᠭ ᠣᠨᠤᠴᠠᠲᠠᠢ ᠪᠠᠷ | ᠵᠣᠬᠢᠴᠠᠭᠤᠯᠵᠤ᠂ ᠨᠢᠭᠡ ᠲᠣᠪᠴᠢ ᠪᠠᠷ ᠬᠠᠷᠢᠭᠤᠯᠲᠠ ᠥᠭᠬᠦ ᠪᠠ ᠣᠶᠤᠨᠴᠢ ᠪᠠᠷ ᠬᠦᠳᠦᠯᠤᠨ ᠵᠢᠯᠤᠭᠤᠳᠬᠤ ᠦᠢᠯᠠᠴᠢᠯᠡᠭᠡ ᠬᠠᠩᠭᠠᠵᠤ᠂ ︽ᠤᠯᠠᠨ ᠲᠦᠮᠡᠨ ᠢ | ᠭᠦᠶᠦᠯᠭᠡᠵᠦ︾ ᠪᠠᠶᠢᠭᠰᠠᠨ ᠠᠴᠠ ︽ᠲᠤᠭ᠎ᠠ ᠪᠠᠷᠢᠮᠲᠠ ᠶᠢ ᠭᠦᠶᠣᠯᠭᠡᠬᠦ︾ ᠪᠣᠯᠭᠠᠨ ᠬᠤᠪᠢᠷᠠᠭᠤᠯᠬᠤ ᠶᠢ ᠦᠨᠡᠨᠬᠦ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠬᠢᠶ᠎ᠡ ᠪᠠᠭᠰᠢ ᠲᠤᠭᠤᠷᠢᠭ ᠤᠨ ᠬᠢᠨ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠵᠤ᠂ ᠵᠣᠬᠢᠶᠡᠮᠡᠯ ᠣᠶᠣᠨ ᠴᠢᠳᠡᠪᠤᠷᠢ | ᠪᠣᠯᠣᠨ ᠵᠠᠰᠠᠭ ᠤᠨ ᠶᠠᠪᠤᠳᠠᠯ ᠤᠨ ᠬᠦᠷᠢᠶ᠎ᠡ ᠴᠠᠷᠠᠭ᠎ᠠ ᠶᠢᠨ ᠬᠦᠨᠵᠡᠭᠡᠢ ᠠᠭᠤᠰᠤᠯᠴᠡᠯ ᠢ ᠦᠷᠭᠦᠯᠵᠢᠯᠡᠨ ᠬᠦᠨᠵᠡᠭᠡᠶᠢᠷᠡᠭᠦᠯᠵᠦ᠂ ᠮᠡᠳᠡᠭᠡ ᠵᠠᠩᠬᠢ ᠶᠢᠨ ᠲᠤᠭ᠎ᠠ | ᠪᠠᠷᠢᠮᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠡᠷᠡᠭᠯᠡᠭᠴᠢᠳ ᠤᠨ ᠣᠶᠢᠯᠠᠭᠠᠯᠲᠠ ᠶᠢ ᠦᠷᠭᠦᠯᠵᠢᠯᠡᠨ ᠰᠢᠯᠢᠳᠡᠭᠵᠢᠭᠦᠯᠵᠤ᠂ ᠦᠢᠯᠡᠴᠢᠯᠡᠭᠡᠨ ᠤ ᠦᠷ᠎ᠡ | ᠪᠦᠳᠦᠮᠵᠢ ᠶᠢ ᠳᠡᠭᠡᠭᠰᠢᠯᠡᠭᠦᠯᠣᠨ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠨᠡᠩ ᠴᠢᠨᠠᠷ ᠰᠠᠶᠢᠲᠡᠢ᠂ ᠦᠨᠳᠤᠷ ᠦᠷ᠎ᠡ ᠠᠰᠢᠭ ᠲᠠᠢ᠂ ᠲᠥᠬᠦᠮ ᠲᠦᠳᠡ | ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠣᠶ᠋ᠳᠴᠢ ᠵᠠᠰᠠᠭ ᠤᠨ ᠶᠠᠪᠤᠳᠠᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠣᠯᠣᠨ᠎ᠠ᠃ | |