ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ  ᠢᠦᠢ ᠬᠠᠢ ᠢᠦᠢ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/4/10
      ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ 3 ᠰᠠᠷ᠎ᠠ ᠶᠢᠨ 31᠎ ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠲᠤᠶᠢᠯᠪᠤᠷᠢᠲᠠᠢ ᠪᠠᠶᠢᠴᠠᠭᠠᠬᠤ ᠬᠠᠯᠠᠨ ᠰᠠᠶᠢᠵᠢᠷᠠᠭᠤᠯᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠰᠠᠭᠤᠳᠠᠯ ᠢ ᠡᠴᠦᠰ ᠲᠤᠨᠢ ᠲᠤᠯᠲᠠᠯ᠎ᠠ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠡᠯ᠎ᠡ ᠲᠥᠷᠥᠯ ᠤᠨ ᠰᠠᠨᠠᠯ ᠢ ᠬᠠᠯᠠᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠯᠠᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠶᠢ ᠡᠭᠦᠳᠬᠦ ᠭᠤᠣᠯ ᠴᠣᠭᠴᠠ ᠶᠢ ᠲᠦᠷᠭᠡᠳᠬᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠶᠢ ᠬᠦᠴᠦᠯᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠳᠠᠪᠤᠷᠢ ᠪᠣᠯᠣᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠰᠦᠨ ᠱᠤᠤ ᠴᠧᠩ ᠱᠦᠵᠢ ᠶᠢᠨ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠤᠨ ᠲᠤᠬᠠᠢ ᠱᠠᠭᠠᠷᠳᠠᠯᠭ᠎ᠠ ᠪᠣᠯᠣᠨ ᠪᠦᠬᠦ ᠣᠷᠣᠨ ᠤ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠬᠤᠯᠪᠣᠭᠳᠠᠯ ᠪᠦᠬᠦᠢ ᠠᠵᠢᠯ ᠤᠨ ᠲᠥᠰᠥᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠮᠠᠨ ᠤ ᠬᠤᠲᠠ ᠶᠢᠨ ᠬᠡᠷᠡᠭᠵᠢᠭᠦᠯᠬᠦ ᠲᠥᠰᠥᠯ ᠢ ᠰᠤᠳᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠢᠯᠭᠠᠷᠠᠭᠤᠯᠬᠤ ᠪᠠ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ᠂ ᠬᠠᠤᠯᠢ ᠶᠣᠰᠣᠭᠠᠷ ᠰᠢᠢᠳᠬᠡᠬᠦ ᠪᠠ ᠬᠠᠷᠢᠭᠤᠴᠠᠯᠭ᠎ᠠ ᠨᠡᠬᠡᠮᠵᠢᠯᠡᠬᠦ᠂ ᠣᠢ ᠰᠢᠭᠤᠢ ᠨᠤᠲᠤᠭ ᠪᠡᠯᠴᠢᠭᠡᠷ ᠢ ᠬᠠᠮᠠᠭᠠᠯᠠᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠶᠢᠨ ᠬᠠᠷᠢᠴᠠᠭ᠎ᠠ ᠶᠢ ᠦᠨᠡᠨ ᠬᠦ ᠰᠠᠶᠢᠲᠤᠷ ᠰᠢᠢᠳᠪᠦᠷᠢᠯᠡᠵᠦ᠂ ᠥᠩᠭᠡᠨ ᠲᠠᠯ᠎ᠠ ᠪᠠ ᠡᠬᠢ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠨ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠲᠣᠭᠲᠠᠭᠰᠠᠨ ᠬᠤᠭᠤᠴᠠᠭᠠᠨ ᠳᠤ ᠬᠠᠯᠠᠨ ᠰᠠᠶᠢᠵᠢᠷᠠᠭᠤᠯᠵᠤ᠂ ᠣᠢ ᠰᠢᠭᠤᠢ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠶᠢ ᠬᠤᠷᠢᠭᠯᠠᠬᠤ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠳᠠᠯᠳᠠ ᠭᠡᠮ ᠢ ᠴᠡᠭᠴᠡᠯᠡᠨ ᠵᠠᠰᠠᠬᠤ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ︽︿ᠠᠵᠤ ᠠᠬᠤᠶᠢᠯᠠᠯ ᠰᠡᠳᠦᠪ ᠭᠠᠷᠭᠠᠬᠤ᠂ ᠵᠠᠰᠠᠭ ᠤᠨ ᠣᠷᠳᠣᠨ ᠰᠡᠳᠦᠪ ᠲᠣᠭᠲᠠᠭᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠰᠡᠳᠦᠪ ᠬᠠᠷᠢᠭᠤᠯᠬᠤ﹀ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠬᠡᠷᠡᠭᠵᠢᠭᠦᠯᠬᠦ ᠲᠥᠰᠥᠯ︾ ︽ᠰᠠᠭᠤᠭᠠᠯᠢ ᠲᠣᠭᠤᠷᠢᠭ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ︵ᠲᠥᠰᠥᠯ︶︾ ᠵᠡᠷᠭᠡ ᠵᠦᠢᠯᠡᠰ ᠢ ᠬᠢᠨᠠᠨ ᠵᠥᠪᠯᠡᠪᠡ᠃      ᠬᠤᠷᠠᠯ ᠠᠴᠠ ᠡᠮᠦᠨ᠎ᠡ ᠬᠠᠮᠲᠤ ᠪᠠᠷ ᠬᠠᠤᠯᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠣᠪᠴᠢᠶ᠎ᠠ ᠶᠢᠨ ᠳᠡᠳ᠋ ᠳᠠᠷᠤᠭ᠎ᠠ ᠸᠠᠩ ᡁᠢ ᠭᠠᠩ ᠢ ᠤᠷᠢᠵᠤ ︽ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ︾᠎ ᠳᠤ ᠲᠠᠶᠢᠯᠤᠮᠵᠢ ᠬᠢᠯᠭᠡᠪᠡ᠃   
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ