ᠣᠶᠢᠷ᠎ᠠ ᠶᠢᠨ ᠡᠳᠦᠷ᠂ ᠮᠠᠨ ᠤ ᠬᠤᠲᠠ ᠶᠢᠨ 8 ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 12345 ᠬᠠᠯᠠᠮᠰᠢᠯ ᠤᠲᠠᠰᠤᠨ ᠤ ᠵᠢᠯᠣᠭᠤᠳᠤᠨ ᠲᠣᠬᠢᠷᠠᠭᠤᠯᠬᠤ ᠲᠥᠪ ᠲᠤ ᠬᠦᠷᠴᠦ᠂ | ︽ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ︾ ᠭᠤᠣᠯ ᠰᠡᠳᠦᠪ ᠤᠨ ᠲᠣᠭᠤᠷᠢᠨ ᠳᠤ ︽ᠰᠠᠷ᠎ᠠ ᠪᠦᠷᠢ ᠨᠢᠭᠡ ᠰᠡᠳᠦᠪ︾ ᠤᠨ ᠵᠠᠳᠠᠯᠤᠨ | ᠰᠤᠳᠤᠯᠵᠤ ᠮᠠᠭᠠᠳᠯᠠᠬᠤ ᠬᠤᠷᠠᠯ ᠬᠤᠷᠠᠯᠳᠤᠭᠤᠯᠤᠨ᠂ ᠣᠯᠠᠨ ᠲᠦᠮᠡᠨ ᠤ ᠬᠠᠯᠠᠮᠰᠢᠯ ᠪᠣᠯᠣᠭᠰᠠᠨ ᠬᠦᠰᠡᠯ ᠱᠠᠭᠠᠷᠳᠠᠯᠭ᠎ᠠ ᠶᠢ ᠵᠠᠳᠠᠯᠤᠨ ᠰᠢᠨᠵᠢᠯᠡᠵᠦ᠂ ᠡᠮᠴᠢᠯᠡᠭᠡᠨ ᠤ | ᠦᠢᠯᠡᠴᠢᠯᠡᠭᠡᠨ ᠤ ᠣᠪᠣᠷ᠂ ᠡᠮᠴᠢᠯᠡᠭᠡᠨ ᠤ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠬᠦ᠂ ᠡᠮᠴᠢᠯᠡᠭᠡ ᠶᠢᠨ ᠳᠥᠭᠦᠮᠴᠢᠯᠡᠯᠲᠡ ᠶᠢ ᠠᠬᠢᠭᠤᠯᠬᠤ ᠵᠡᠷᠭᠡ ᠲᠠᠯ᠎ᠠ ᠶᠢᠨ | ᠠᠰᠠᠭᠤᠳᠠᠯ ᠪᠠ ᠰᠢᠯᠲᠠᠭᠠᠨ ᠢ ᠲᠥᠪᠯᠡᠷᠡᠭᠦᠯᠦᠨ ᠵᠥᠪᠳᠡᠯᠴᠡᠵᠦ᠂ ᠦᠨᠳᠦᠰᠦᠨ ᠱᠠᠲᠤᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠲᠥᠯᠥᠭᠡᠯᠡᠭᠴᠢ ᠭᠡᠰᠢᠭᠦᠳ ᠤᠨ | ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠪᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠢᠶ᠎ᠠ ᠪᠠᠭᠰᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ | ᠰᠢᠩ ᠸᠠᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠᠢ ᠵᠢᠶᠧ᠄ ︽ᠲᠣᠰ ᠤᠳᠠᠭᠠᠨ ᠤ ᠠᠵᠢᠯᠯᠠᠭ᠎ᠠ ᠨᠢ ᠪᠢᠳᠡᠨ ᠳᠤ ᠠᠷᠠᠳ ᠤᠨ ᠰᠠᠨᠠᠭ᠎ᠠ ᠶᠢ ᠲᠤᠰᠬᠠᠬᠤ | ᠰᠠᠶᠢᠨ ᠲᠠᠪᠴᠠᠩ ᠢ ᠪᠠᠶᠢᠭᠤᠯᠵᠤ ᠥᠭᠴᠡᠢ᠂ ᠪᠢ ᠡᠮᠨᠡᠯᠭᠡ ᠶᠢᠨ ᠬᠤᠷᠢᠶᠠᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠡᠭᠦᠳᠡᠨ | ᠡᠮᠨᠡᠯᠭᠡ ᠶᠢᠨ ᠡᠮᠴᠢᠯᠡᠭᠡᠨ ᠤ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠵᠡᠷᠭᠡ ᠠᠰᠠᠭᠤᠳᠠᠯ ᠤᠨ ᠲᠤᠬᠠᠢ ᠭᠤᠣᠯᠳᠠᠯᠭ᠎ᠠ ᠲᠠᠢ ᠰᠠᠨᠠᠭᠤᠯᠭ᠎ᠠ | ᠳᠤᠷᠠᠳᠪᠠ᠃ ᠡᠲᠡᠭᠡᠷ ᠰᠠᠨᠠᠭᠤᠯᠭ᠎ᠠ ᠨᠢ ᠴᠥᠮ ᠦᠨᠳᠦᠰᠦᠨ ᠱᠠᠲᠤᠨ ᠤ ᠪᠠᠶᠢᠴᠠᠭᠠᠨ ᠰᠤᠳᠤᠯᠤᠯᠲᠠ ᠶᠢᠨ ᠳᠤᠮᠳᠠ ᠴᠤᠭᠯᠠᠭᠤᠯᠤᠭᠰᠠᠨ ᠦᠨᠡᠨ ᠪᠣᠳᠠᠲᠠᠢ ᠬᠦᠰᠡᠯ | ᠱᠠᠭᠠᠷᠳᠠᠯᠭ᠎ᠠ ᠠᠴᠠ ᠢᠷᠡᠯᠲᠡ ᠲᠠᠢ ᠶᠤᠮ᠂ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠡᠮᠨᠡᠯᠭᠡ ᠶᠢᠨ ᠬᠤᠷᠢᠶ᠎ᠠ ᠬᠢᠨᠠᠮᠠᠭᠠᠢ ᠰᠤᠳᠤᠯᠵᠤ᠂ ᠨᠠᠩ ᠣᠯᠠᠨ | ᠪᠣᠳᠠᠲᠠᠢ ᠶᠢ ᠡᠷᠬᠢᠮᠯᠡᠭᠰᠡᠨ ᠪᠥᠭᠡᠳ ᠲᠤᠰᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠦᠨᠡᠨ ᠬᠦ | ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ︾ ᠭᠡᠪᠡ᠃ | ᠬᠤᠲᠠ ᠶᠢᠨ ᠭᠤᠣᠯᠳᠠᠯᠭᠠᠲᠤ ᠡᠮᠨᠡᠯᠭᠡ ᠶᠢᠨ ᠬᠤᠷᠢᠶ᠎ᠠ ᠶᠢᠨ ᠳᠡᠳ᠋ ᠳᠠᠷᠤᠭ᠎ᠠ ᠵᠧᠨ ᠵᠢᠶᠠᠨ ᠬᠣ᠋᠄ ︽ᠲᠣᠰ ᠠᠵᠢᠯᠯᠠᠭ᠎ᠠ ᠳᠤ ᠣᠷᠣᠯᠴᠠᠬᠤ ᠪᠠᠷ ᠳᠠᠮᠵᠢᠭᠤᠯᠤᠨ | 12345 ᠶᠢᠨ ᠦᠢᠯᠡᠴᠢᠯᠡᠭᠡᠨ ᠤ ᠲᠣᠭᠲᠠᠴᠠ ᠶᠢ ᠣᠶᠢᠯᠠᠭᠠᠵᠤ᠂ ᠣᠯᠠᠨ ᠲᠦᠮᠡᠨ ᠤ ᠰᠡᠳᠬᠢᠯ ᠤᠨ ᠳᠠᠭᠤᠨ ᠢ ᠰᠣᠨᠣᠰᠤᠨ᠂ ᠲᠠᠷᠠᠭᠠᠴᠢ ᠶᠢᠨ ᠠᠯᠬᠤᠮ ᠳᠤ | ᠬᠤᠲᠠ ᠶᠢᠨ ᠭᠤᠣᠯᠳᠠᠭᠠᠯᠲᠤ ᠡᠮᠨᠡᠯᠭᠡ ᠶᠢᠨ ᠬᠤᠷᠢᠶ᠎ᠠ ᠨᠢ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠦᠨᠳᠦᠰᠦᠯᠡᠨ᠂ ᠡᠮᠴᠢᠯᠡᠭᠡᠨ ᠤ ᠦᠢᠯᠡᠴᠢᠯᠡᠭᠡᠨ ᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠭ᠎ᠠ ᠪᠠᠨ ᠴᠢᠩᠭᠠᠳᠬᠠᠬᠤ ᠶᠢᠨ ᠬᠠᠮᠲᠤ ᠦᠢᠯᠡᠴᠢᠯᠡᠭᠡᠨ ᠤ | ᠶᠠᠪᠤᠴᠠ᠂ ᠦᠢᠯᠡᠴᠢᠯᠡᠭᠡᠨ ᠤ ᠭᠤᠭᠴᠤᠭ᠎ᠠ ᠶᠢ ᠥᠭᠡᠷᠡᠴᠢᠯᠡᠨ ᠰᠠᠶᠢᠵᠢᠷᠠᠭᠤᠯᠵᠤ᠂ ᠨᠠᠩ ᠰᠠᠶᠢᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠳᠤ ᠲᠥᠬᠦᠮ | ᠦᠵᠡᠭᠦᠯᠦᠨ᠎ᠡ︾ ᠭᠡᠵᠤ ᠢᠯᠡᠷᠬᠡᠶᠢᠯᠡᠪᠡ᠃ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠴᠦᠨ ᠮᠧᠶ᠄ ︽ᠤᠯᠠᠨ ᠬᠠᠷᠠᠭᠠᠰᠤ ᠤᠯᠠᠨ ᠲᠠᠯ᠎ᠠ ᠠᠴᠠ | ᠡᠪᠡᠳᠴᠢᠨ ᠦᠵᠡᠭᠦᠯᠬᠦ ᠲᠥᠷᠥᠭᠳᠡᠯ ᠢ ᠰᠠᠶᠢᠵᠢᠷᠠᠭᠤᠯᠵᠤ᠂ ᠡᠪᠡᠳᠴᠢᠲᠡᠨ ᠤ ᠣᠶᠢᠯᠠᠭᠠᠯᠲᠠ ᠶᠢ ᠳᠡᠭᠡᠭᠰᠢᠯᠡᠭᠦᠯᠦᠨ᠂ ᠡᠪᠡᠳᠴᠢᠨ ᠦᠵᠡᠭᠦᠯᠬᠦ ᠣᠷᠴᠢᠨ ᠠᠬᠤᠢ ᠶᠢ | ᠦᠷᠭᠦᠯᠵᠢᠯᠡᠨ ᠰᠠᠶᠢᠵᠢᠷᠠᠭᠤᠯᠵᠤ᠂ ᠣᠨᠣᠰᠢᠯᠠᠨ ᠡᠮᠨᠡᠬᠦ ᠦᠢᠯᠡᠴᠢᠯᠡᠭᠡ ᠶᠢ ᠲᠡᠭᠦᠯᠳᠡᠷᠵᠢᠭᠦᠯᠦᠨ᠂ ᠰᠥᠨᠢ᠂ ᠦᠳᠡ ᠶᠢᠨ ᠠᠷᠠᠳ ᠲᠤ ᠲᠦᠬᠦᠮ ᠦᠵᠡᠭᠦᠯᠬᠦ ᠡᠭᠦᠳᠡᠨ | ᠡᠮᠨᠡᠯᠭᠡ ᠶᠢᠨ 6S ᠬᠠᠮᠢᠶᠠᠷᠤᠯᠲᠠ ᠶᠢᠨ ᠵᠠᠭᠪᠤᠷ᠂ ︿ᠢᠨᠲ᠋ᠧᠷ ᠰᠦᠯᠵᠢᠶ᠎ᠡ + ᠡᠮ ᠡᠮᠨᠡᠯᠭᠡ ᠶᠢᠨ ᠦᠢᠯᠡᠴᠢᠯᠡᠭᠡ﹀᠂ 15 ᠮᠢᠨᠦ᠋ᠲ ᠤᠨ ᠲᠦᠷᠭᠡᠨ ᠠᠪᠤᠷᠠᠯᠳᠠ ᠶᠢᠨ | ᠲᠣᠭᠤᠷᠢᠭ ᠵᠡᠷᠭᠡ ᠠᠷᠠᠳ ᠲᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠦᠢᠯᠡᠴᠢᠯᠡᠭᠡ ᠨᠢ ᠳᠤᠯᠠᠭᠠᠨ ᠲᠠᠢ᠂ ᠶᠠᠪᠤᠴᠠ ᠨᠢ | ᠬᠤᠷᠳᠤᠴᠠ ᠲᠠᠢ᠂ ᠣᠷᠴᠢᠨ ᠠᠬᠤᠢ ᠨᠢ ᠴᠢᠨᠠᠷ ᠴᠢᠨᠰᠠᠭ᠎ᠠ ᠲᠠᠢ ᠣᠷᠳᠣᠰ ᠤᠨ ᠡᠮ ᠡᠮᠨᠡᠯᠭᠡ ᠶᠢᠨ ᠲᠦᠷᠦᠯ ᠲᠡᠮᠲᠡᠭᠲᠦ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ︾ | ᠭᠡᠵᠤ ᠪᠠᠶᠢᠯ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ 12345 ᠬᠠᠯᠠᠮᠰᠢᠯ ᠤᠲᠠᠰᠤᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠵᠠᠮ ᠢ ᠪᠦᠬᠦ ᠲᠠᠯ᠎ᠠ ᠪᠠᠷ ᠨᠡᠪᠲᠡᠷᠡᠭᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ | ᠲᠥᠯᠥᠭᠡ᠂ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ ᠨᠢ ᠲᠥᠯᠥᠭᠡᠯᠡᠭᠴᠢ ᠭᠡᠰᠢᠭᠦᠳ ᠲᠠᠢ ᠬᠤᠯᠪᠤᠭᠠᠯᠠᠨ᠂ ᠦᠢᠯᠡᠴᠢᠯᠡᠭᠡᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠠᠢ ᠬᠠᠷᠢᠯᠴᠠᠵᠤ ︽ᠰᠠᠷ᠎ᠠ ᠪᠦᠷᠢ ᠨᠢᠭᠡ ᠰᠡᠳᠦᠪ︾ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠲᠣᠭᠲᠠᠴᠠ ᠶᠢ ᠪᠠᠶᠢᠭᠤᠯᠵᠤ᠂ | ᠣᠯᠠᠨ ᠲᠦᠮᠡᠨ ᠤ 12345 ᠬᠠᠯᠠᠮᠰᠢᠯ ᠤᠲᠠᠰᠤ ᠪᠠᠷ ᠲᠤᠰᠬᠠᠭᠰᠠᠨ ᠬᠠᠯᠠᠮᠰᠢᠯ ᠠᠰᠠᠭᠤᠳᠠᠯ ᠪᠠ ᠲᠥᠯᠥᠭᠡᠯᠡᠭᠴᠢ ᠭᠡᠰᠢᠭᠦᠳ ᠤᠨ ᠳᠤᠷᠠᠳᠤᠭᠰᠠᠨ ᠠᠷᠭᠠᠴᠠᠭᠠᠬᠤ | ᠠᠷᠭ᠎ᠠ ᠪᠣᠳᠣᠯᠭ᠎ᠠ ᠰᠠᠨᠠᠯ ᠰᠠᠨᠠᠭᠤᠯᠭ᠎ᠠ ᠠᠴᠠ ᠰᠠᠷ᠎ᠠ ᠪᠦᠷᠢ ᠨᠢᠭᠡ ᠥᠨᠳᠥᠷ ᠳᠠᠪᠲᠠᠮᠵᠢ ᠲᠠᠢ ᠨᠡᠶᠢᠲᠡᠯᠢᠭ ᠴᠢᠨᠠᠷ ᠲᠠᠢ ᠠᠰᠠᠭᠤᠳᠠᠯ ᠢ ᠰᠣᠩᠭᠤᠵᠤ᠂ ᠲᠥᠪᠯᠡᠷᠡᠭᠦᠯᠦᠨ | ᠵᠥᠪᠳᠡᠯᠴᠡᠵᠦ ᠰᠤᠳᠤᠯᠤᠨ ᠮᠠᠭᠠᠳᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠥᠨᠳᠥᠷ ᠪᠦᠲᠦᠮᠵᠢᠲᠡᠶ ᠪᠠᠷ | ᠰᠢᠢᠳᠪᠦᠷᠢᠯᠡᠬᠦ ᠶᠢ ᠠᠬᠢᠭᠤᠯᠵᠤ᠂ ︽ᠨᠢᠭᠡ ᠠᠰᠠᠭᠤᠳᠠᠯ︾ ᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ ︽ᠨᠢᠭᠡ ᠲᠦᠷᠦᠯ ᠤᠨ ᠠᠰᠠᠭᠤᠳᠠᠯ︾ ᠢ ᠰᠢᠢᠳᠪᠦᠷᠢᠯᠡᠬᠦ ᠶᠢ | ᠳᠠᠶᠢᠴᠢᠯᠠᠨ᠂ ᠲᠥᠯᠥᠭᠡᠯᠡᠭᠴᠢ ᠭᠡᠰᠢᠭᠦᠳ ᠤᠨ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠢᠳᠡᠪᠬᠢᠲᠡᠢ ᠦᠢᠯᠡᠳᠦᠯ ᠢ ᠭᠦᠢᠴᠡᠳ | ᠪᠠᠳᠠᠷᠠᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ︽ᠰᠡᠳᠬᠢᠯ ᠢᠶᠠᠨ ᠬᠤᠯᠪᠣᠬᠤ ᠬᠥᠭᠦᠷᠭᠡ︾ ᠶᠢ ᠴᠣᠭᠴᠠᠯᠠᠨ᠂ | ᠬᠤᠳᠠ ᠶᠢᠨ ᠵᠠᠰᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠬᠦ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠪᠡ᠃ | ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ 12345 ᠬᠠᠯᠠᠮᠰᠢᠯ ᠤᠲᠠᠰᠤ ᠶᠢ | ᠵᠣᠬᠢᠴᠠᠭᠤᠯᠤᠨ ᠬᠠᠷᠢᠯᠴᠠᠬᠤ ᠰᠠᠯᠠᠭ᠎ᠠ ᠶᠢᠨ ᠳᠠᠷᠤᠭ᠎ᠠ ᠭᠤᠸ ᠼᠠᠢ ᠶᠠᠨ᠄ ︽ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ 12345 ᠲᠠᠪᠴᠠᠩ ᠤᠨ ᠬᠦᠯᠢᠶᠡᠨ ᠠᠪᠤᠭᠰᠠᠨ ᠲᠤᠭ᠎ᠠ ᠪᠠᠷᠢᠮᠲᠠ ᠳᠤ ᠲᠦᠰᠢᠭᠯᠡᠨ᠂ ᠠᠵᠤ ᠠᠬᠤᠶᠢᠯᠠᠯ ᠪᠠ ᠤᠯᠠᠨ ᠲᠦᠮᠡᠨ ᠤ | ᠲᠤᠰᠬᠠᠭᠰᠠᠨ ᠬᠠᠯᠠᠮᠰᠢᠯ ᠠᠰᠠᠭᠤᠳᠠᠯ ᠢ ᠰᠣᠩᠭᠤᠨ ᠭᠠᠷᠭᠠᠵᠤ᠂ ᠬᠦᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ᠂ ᠬᠦᠰᠡᠯ ᠱᠠᠭᠠᠷᠳᠠᠯᠭ᠎ᠠ ᠶᠢᠨ ᠠᠭᠤᠯᠭ᠎ᠠ ᠳᠤ | ᠵᠠᠳᠠᠯᠤᠯᠲᠠ ᠬᠢᠵᠦ᠂ ︿ᠰᠠᠷ᠎ᠠ ᠪᠦᠷᠢ ᠨᠢᠭᠡ ᠰᠡᠳᠦᠪ﹀ ᠤᠨ ᠶᠠᠷᠢᠯᠴᠠᠬᠤ ᠬᠤᠷᠠᠯ ᠳᠡᠭᠡᠷ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ᠂ ᠲᠥᠯᠥᠭᠡᠯᠡᠭᠴᠢ | ᠭᠡᠰᠢᠭᠦᠳ ᠲᠠᠢ ᠶᠠᠷᠢᠯᠴᠠᠬᠤ ᠶᠢᠨ ᠬᠠᠮᠲᠤ ᠲᠥᠯᠥᠭᠡᠯᠡᠭᠴᠢ ᠭᠡᠰᠢᠭᠦᠳ ᠤᠨ ᠲᠤᠰ ᠪᠡᠶ᠎ᠡ ᠶᠢᠨ ᠠᠵᠢᠯ ᠲᠦᠷᠦᠯ ᠤᠨ ᠬᠦᠷᠢᠶ᠎ᠡ ᠴᠠᠷᠠᠭ᠎ᠠ ᠪᠣᠯᠣᠨ ᠬᠠᠷᠢᠶ᠎ᠠ ᠭᠠᠵᠠᠷ | ᠣᠷᠣᠨ ᠤ ᠬᠦᠴᠢᠷ ᠲᠦᠪᠡᠭᠲᠡᠢ ᠠᠵᠢᠯ ᠲᠠᠢ ᠤᠶᠠᠯᠳᠤᠭᠤᠯᠤᠨ ᠲᠥᠯᠥᠭᠡᠯᠡᠭᠴᠢ ᠭᠡᠰᠢᠭᠦᠳ ᠲᠤ ᠳᠠᠭᠠᠭᠠᠯᠭᠠᠨ ᠥᠭᠴᠦ᠂ ᠬᠦᠴᠢᠷ ᠲᠦᠪᠡᠭᠲᠡᠢ ᠠᠰᠠᠭᠤᠳᠠᠯ ᠢ | ᠥᠨᠳᠥᠷ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠤᠨ᠎ᠠ︾ ᠭᠡᠵᠦ ᠪᠠᠶᠢᠯ᠎ᠠ᠃ | | | | | | | | |