4 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠭᠠᠳᠠᠭᠠᠳᠤ | ᠠᠷᠠᠯᠵᠢᠶᠠᠨ ᠤ ᠠᠵᠢᠯ ᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠬᠢᠪᠡ᠃ | ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ᠂ ᠢᠦᠢ ᠬᠠᠢ ᠢᠦᠢ ᠲᠤᠬᠠᠢ ᠶᠢᠨ ᠭᠠᠵᠠᠷ ᠲᠤᠨᠢ ᠰᠢᠶᠠᠩᠭᠠᠩ ᠤᠨ ᠳ᠋ᠦᠩ ᠸᠠᠩ | ᠡᠯᠧᠺᠲᠷᠣᠨ LED ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠦᠷᠦᠯ ᠵᠦᠢᠯ᠂ ᠶᠦᠨ ᠵᠢᠩ ᠳ᠋ᠦᠩ ᠯᠢ ᠭᠠᠶᠢᠯᠢ ᠪᠠᠲᠤᠯᠠᠬᠤ ᠬᠥᠮᠥᠷᠭᠡᠯᠡᠨ | ᠬᠠᠳᠠᠭᠠᠯᠠᠬᠤ ᠲᠦᠷᠦᠯ ᠵᠦᠢᠯ ᠪᠣᠯᠣᠨ ᠠᠭᠠᠷ ᠤᠨ ᠭᠠᠷᠠᠮ ᠤᠨ ᠬᠢᠯᠢ ᠠᠯᠤᠰᠯᠠᠭᠰᠠᠨ ᠰᠢᠭᠤᠳ ᠡᠵᠡᠩᠨᠡᠯᠲᠡ ᠶᠢᠨ ᠲᠥᠪ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ | ᠦᠵᠡᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠳᠠᠷᠠᠭ᠎ᠠ ᠨᠢ᠂ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠨᠠᠷᠵᠢᠯ ᠢ ᠳᠡᠭᠡᠭᠰᠢᠯᠡᠭᠦᠯᠵᠦ ᠵᠢᠭᠰᠠᠭᠠᠯᠲᠠ | ᠳᠡᠪᠰᠢᠭᠦᠯᠬᠦ ᠪᠠ ᠪᠦᠬᠦ ᠬᠤᠳᠠ ᠶᠢᠨ ᠭᠠᠳᠠᠭᠠᠳᠤ ᠠᠷᠠᠯᠵᠢᠶᠠᠨ ᠤ ᠠᠵᠢᠯ ᠢ ᠠᠬᠢᠭᠤᠯᠬᠤ ᠲᠤᠬᠠᠢ ᠰᠤᠳᠤᠯᠪᠠ᠃ | ᠢᠦᠢ ᠬᠠᠢ ᠢᠦᠢ ᠬᠡᠯᠡᠬᠦ ᠳᠡᠭᠡᠨ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠬᠢᠷᠢ ᠲᠦᠪᠰᠢᠨ ᠨᠢ ᠬᠤᠲᠠ ᠶᠢᠨ ᠨᠡᠭᠡᠭᠡᠯᠲᠡ ᠶᠢᠨ ᠬᠡᠮᠵᠢᠶ᠎ᠡ᠂ ᠠᠵᠤ | ᠦᠢᠯᠡᠰ ᠤᠨ ᠴᠢᠳᠠᠪᠬᠢ ᠶᠢᠨ ᠲᠠᠰ ᠪᠠ ᠶᠡᠷᠦᠩᠬᠡᠢ ᠥᠷᠢᠰᠦᠯᠳᠦᠬᠦ ᠬᠦᠴᠦᠨ ᠢ ᠢᠯᠡᠷᠡᠭᠦᠯᠵᠦ ᠪᠣᠢ᠃ ᠭᠠᠳᠠᠭᠠᠳᠤ ᠠᠷᠠᠯᠵᠢᠶᠠᠨ ᠤ ᠠᠵᠢᠯ ᠢ ᠰᠠᠶᠢᠲᠤᠷ | ᠠᠳᠬᠤᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠰᠢᠢᠳᠪᠦᠷᠢᠯᠡᠬᠦ ᠰᠡᠳᠬᠢᠬᠦᠢ︾ ᠪᠠᠷ ᠪᠠᠶᠢᠳᠠᠯ ᠤᠨ ᠬᠤᠪᠢᠷᠠᠯᠲᠠ ᠶᠢ ᠠᠷᠭᠠᠴᠠᠭᠠᠵᠤ᠂ ᠬᠥᠭᠵᠢᠯᠲᠡ ᠶᠢᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠲᠣᠭᠲᠠᠯᠴᠠᠭ᠎ᠠ ᠶᠢ ᠴᠢᠨᠠᠭᠰᠢᠳᠠ ᠲᠡᠭᠦᠯᠳᠡᠷᠵᠢᠭᠦᠯᠵᠦ᠂ ᠴᠢᠨᠠᠷ ᠰᠠᠶᠢᠲᠠᠢ | ᠭᠠᠳᠠᠭᠠᠳᠤ ᠠᠷᠠᠯᠵᠢᠶᠠᠨ ᠤ ᠭᠤᠣᠯ ᠴᠣᠭᠴᠠ ᠶᠢ ᠣᠷᠣᠭᠤᠯᠤᠨ ᠠᠪᠴᠢᠷᠠᠵᠤ ᠬᠥᠮᠥᠵᠢᠭᠦᠯᠵᠦ᠂ ᠬᠢᠯᠢ ᠠᠯᠤᠰᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠰᠢᠯᠢᠳᠡᠭᠵᠢᠭᠦᠯᠵᠦ᠂ ᠪᠣᠭᠤᠮᠲᠠ ᠥᠩᠭᠡᠷᠡᠯᠲᠡ ᠶᠢ ᠳᠥᠭᠦᠮᠴᠢᠯᠡᠬᠦ ᠲᠦᠪᠰᠢᠨ ᠢ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠬᠤ᠂ | ᠪᠦᠲᠦᠴᠡ ᠶᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠤᠨ ᠣᠨᠴᠠᠯᠢᠭᠲᠤ ᠠᠵᠤ ᠦᠢᠯᠡᠰ ᠢ ᠬᠦᠴᠦᠷᠬᠡᠭᠵᠢᠭᠦᠯᠵᠦ᠂ ᠡᠳ᠋ᠰᠢᠭᠦᠯᠦᠨ ᠪᠣᠯᠪᠠᠰᠤᠷᠠᠭᠤᠯᠬᠤ | ᠠᠷᠠᠯᠵᠢᠶ᠎ᠠ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠵᠡᠷᠭᠡ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠦᠴᠦᠯᠡᠨ ᠰᠢᠪᠲᠤᠯᠤᠯᠲᠠ ᠬᠢᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠲᠠ ᠶᠢᠨ ᠢᠮᠠᠭᠠᠨ ᠨᠣᠯᠤᠤᠷ᠂ ᠡᠨᠧᠷᠭᠢ ᠬᠠᠳᠠᠭᠠᠯᠠᠬᠤ ᠴᠠᠬᠢᠯᠭᠠᠨ ᠴᠡᠨᠡᠭ ᠵᠡᠷᠭᠡ ᠦᠢᠯᠡᠳᠬᠦᠨ ᠤ ︽ᠭᠠᠳᠠᠭᠰᠢ | ᠭᠠᠷᠬᠤ︾ ᠶᠢ ᠠᠬᠢᠭᠤᠯᠵᠤ᠂ ᠳᠣᠲᠣᠭᠠᠳᠤ ᠭᠠᠳᠠᠭᠠᠳᠤ ᠶᠢ ᠬᠤᠯᠪᠣᠯᠳᠤᠭᠤᠯᠤᠭᠰᠠᠨ᠂ ᠡᠷᠬᠢᠨ ᠲᠣᠭᠤᠷᠢᠨ ᠢ ᠳᠠᠶᠢᠴᠢᠯᠠᠭᠰᠠᠨ ᠠᠷᠠᠯᠵᠢᠶᠠᠨ ᠤ ᠬᠦᠢᠰᠦ ᠶᠢ | ᠪᠠᠶᠢᠭᠤᠯᠬᠤ ᠬᠡᠷᠡᠭᠲᠡᠢ᠃ ᠪᠦᠬᠦ ᠬᠤᠳᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ | ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠥᠪᠯᠡᠷᠡᠨ ᠬᠥᠭᠵᠢᠬᠦ ᠶᠢ ᠲᠦᠷᠭᠡᠳᠬᠡᠵᠦ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠪᠠ | ᠢᠵᠢᠯᠰᠢᠩᠭᠦᠢ ᠥᠷᠢᠰᠦᠯᠳᠦᠭᠡᠨ ᠠᠴᠠ ᠵᠠᠶᠢᠯᠠᠰᠬᠢᠬᠦ ᠬᠡᠷᠡᠭᠲᠡᠢ᠃ ᠤᠯᠠᠨ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠠᠵᠢᠯ ᠤᠨ | ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠣᠨᠣᠪᠴᠢᠲᠠᠢ ᠪᠥᠭᠡᠳ ᠪᠦᠲᠦᠮᠵᠢᠲᠡᠢ ᠪᠠᠷ ᠰᠢᠢᠳᠪᠦᠷᠢᠯᠡᠵᠦ᠂ ᠨᠡᠩ ᠲᠠᠲᠠᠬᠤ | ᠬᠦᠴᠦᠨ ᠲᠠᠢ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | ᠬᠤᠲᠠ ᠶᠢᠨ ᠨᠠᠮ ᠤᠨᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ᠂ ᠬᠤᠲᠠ ᠶᠢᠨ ᠳᠡᠳ᠋ ᠳᠠᠷᠤᠭ᠎ᠠ ᠵᠠᠩ ᠰᠢᠸ | ᠯᠢᠩ ᠣᠷᠣᠯᠴᠠᠪᠠ᠃ | | | | | | | | | | | | | | | |