ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠪᠥᠬᠦ ᠬᠤᠲᠠ ᠶᠢᠨ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠲᠦᠷᠦᠭᠦᠦ ᠤᠯᠠᠷᠢᠯ ᠤᠨ ᠠᠵᠢᠯ ᠤᠨ ᠪᠠᠶᠢᠳᠠᠯ ᠢ ᠪᠥᠷᠢᠳᠭᠡᠵᠦ᠂ ᠡᠯ᠎ᠡ ᠬᠤᠰᠢᠭᠤ ᠲᠣᠭᠤᠷᠢᠭ ᠰᠠᠯᠠᠭ᠎ᠠ ᠮᠥᠴᠢᠷ ᠤᠨ ᠰᠠᠨᠠᠭᠤᠯᠭ᠎ᠠ ᠶᠢ | ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ ᠬᠤᠲᠠ ᠶᠢᠨ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠤ᠂ ᠢᠦᠢ ᠬᠠᠢ ᠢᠦᠢ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠳᠠᠶᠠᠭᠠᠷ ᠤᠨ ᠵᠥᠷᠢᠴᠡᠯ ᠳᠤ ᠰᠢᠭᠤᠳ ᠬᠠᠨᠳᠤᠵᠤ᠂ ᠠᠰᠠᠭᠤᠳᠠᠯ ᠳᠤ ᠰᠢᠭᠤᠳ | ᠴᠢᠭᠯᠡᠭᠰᠡᠨ ᠪᠣᠳᠠᠲᠠᠢ ᠶᠢ ᠡᠷᠬᠢᠮᠯᠡᠬᠦ ᠰᠤᠷᠲᠠᠯ ᠢ ᠨᠤᠲᠠᠯᠠᠵᠤ᠂ ᠠᠰᠠᠭᠤᠳᠠᠯ ᠪᠣᠯᠣᠨ ᠰᠠᠨᠠᠭᠤᠯᠭ᠎ᠠ ᠶᠢ ᠨᠠᠷᠢᠨ ᠲᠠᠩᠰᠠ ᠪᠣᠯᠭᠠᠵᠤ᠂ ᠨᠢᠭᠡᠳ ᠨᠢᠭᠡ ᠪᠠᠷ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠷᠡ᠂ ᠴᠢᠨᠠᠷ ᠰᠠᠶᠢᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠨᠢ ᠪᠦᠬᠦ ᠬᠤᠳᠠ ᠶᠢᠨ | ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠨᠡᠮᠡᠭᠳᠡᠯ ᠢ ᠲᠣᠭᠲᠠᠪᠤᠷᠢᠵᠢᠭᠤᠯᠬᠤ ᠶᠢᠨ ︽ᠬᠥᠳᠡᠯᠭᠡᠭᠦᠷ︾᠂ ᠪᠦᠲᠦᠴᠡ ᠶᠢ ᠲᠣᠬᠢᠷᠠᠭᠤᠯᠬᠤ ᠶᠢᠨ︽ | ᠰᠢᠯᠢᠳᠡᠭᠵᠢᠭᠦᠯᠦᠭᠴᠢ︾᠂ ᠪᠤᠶᠠᠨ ᠬᠡᠰᠢᠭ ᠢ ᠨᠡᠮᠡᠭᠳᠡᠭᠦᠯᠬᠦ ᠶᠢᠨ ︽ᠬᠤᠷᠳᠤᠳᠬᠠᠭᠤᠷ︾ ᠪᠣᠯᠣᠨ᠎ᠠ᠂ ᠲᠦᠷᠦᠯ ᠵᠦᠢᠯ ᠢ ᠠᠳᠬᠤᠬᠤ ᠨᠢ ᠳᠠᠷᠤᠢ ᠬᠥᠭᠵᠢᠯᠲᠡ ᠶᠢ | ᠠᠳᠬᠤᠬᠤ᠂ ᠲᠦᠷᠦᠯ ᠵᠦᠢᠯ ᠢ ᠰᠦᠪᠡᠭᠴᠢᠯᠡᠬᠦ ᠨᠢ ᠳᠠᠷᠤᠢ ᠢᠷᠡᠭᠡᠳᠦᠢ ᠶᠢ ᠪᠣᠳᠣᠯᠬᠢᠯᠠᠬᠤ ᠶᠠᠪᠤᠳᠠᠯ ᠪᠣᠯᠤᠨ᠎ᠠ ᠭᠡᠰᠡᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢᠶᠠᠷ | ᠠᠷᠠᠯᠵᠢᠶᠠᠴᠢᠨ ᠤᠷᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ ᠭᠡᠪᠡ᠃ | ᠢᠦᠢ ᠬᠠᠢ ᠢᠦᠢ᠂ ᠲᠦᠷᠦ ᠶᠢᠨ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠲᠦᠷᠦᠯ ᠵᠦᠢᠯ ᠢ ᠨᠠᠷᠢᠨ ᠨᠢᠮᠪᠠᠢ ᠨᠥᠭᠡᠴᠡᠯᠡᠵᠦ᠂ ᠡᠮᠦᠨᠡᠬᠢ | ᠬᠤᠭᠤᠴᠠᠭᠠᠨ ᠤ ᠠᠵᠢᠯ ᠢ ᠭᠦᠨᠵᠡᠭᠡᠢ ᠬᠢᠵᠦ᠂ ᠣᠯᠣᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ᠂ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ | ᠪᠦᠬᠦ ᠬᠦᠷᠢᠶ᠎ᠡ ᠴᠠᠷᠠᠭ᠎ᠠ᠂ ᠤᠯᠠᠨ ᠠᠷᠭ᠎ᠠ ᠵᠠᠮ ᠢᠶᠠᠷ ᠳᠡᠭᠡᠳᠦ ᠱᠠᠲᠤᠨ ᠤ ᠪᠡᠯᠡ ᠮᠥᠩᠭᠦᠨ ᠤ ᠳᠡᠮᠵᠢᠯᠭᠡ ᠶᠢ ᠬᠤᠪᠢᠳᠠᠨ ᠣᠯᠬᠤ ᠪᠠᠷ ᠴᠢᠷᠮᠠᠶᠢᠬᠤ ᠬᠡᠷᠡᠭᠲᠡᠢ᠃ ︽ | ᠲᠠᠪᠤᠨ ᠬᠡᠯᠬᠢᠶ᠎ᠡ︾ ᠶᠢ ᠬᠠᠮᠵᠢᠯᠴᠠᠭᠤᠯᠵᠤ ᠪᠠᠶᠢᠭᠠᠳ ᠠᠷᠠᠯᠵᠢᠶᠠᠴᠢᠨ ᠤᠷᠢᠬᠤ ᠶᠢ ᠪᠠᠷᠢᠮᠲᠠᠯᠠᠵᠤ᠂ ︽ᠳᠡᠯᠡᠬᠡᠢ ᠶᠢᠨ ᠲᠡᠰ ᠤᠨ ᠲᠦᠷᠪᠡᠨ ᠠᠵᠤ ᠦᠢᠯᠡᠰ︾ ᠢ | ᠴᠤᠭᠴᠠᠯᠠᠬᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ᠂ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠬᠤ᠂ ᠦᠢᠯᠡᠳᠪᠦᠷᠢᠯᠡᠯ ᠤᠨ | ᠴᠢᠨᠠᠷᠲᠠᠢ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠬᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢ ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠬᠦᠷᠢᠶ᠎ᠡ | ᠴᠠᠷᠠᠭᠠᠨ ᠤ ᠲᠣᠭᠤᠷᠢᠨ ᠳᠤ ᠣᠨᠤᠴᠠᠲᠠᠢ ᠠᠷᠠᠯᠵᠢᠶᠠᠴᠢᠨ ᠤᠷᠢᠬᠤ ᠬᠡᠷᠡᠭᠲᠡᠢ᠃ ︽ᠬᠡᠨ ᠤᠷᠢᠬᠤ︾ ︽ᠶᠠᠭᠤᠨ ᠳᠤ ᠲᠦᠰᠢᠭᠯᠡᠨ ᠤᠷᠢᠬᠤ︾ ︽ᠶᠠᠭᠤ ᠶᠢ ᠤᠷᠢᠬᠤ︾ | ︽ᠬᠠᠮᠢᠭ᠎ᠠ ᠣᠴᠢᠵᠤ ᠤᠷᠢᠬᠤ︾ ︽ᠶᠠᠭᠠᠬᠢᠵᠤ ᠤᠷᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠬᠤ ᠶᠢ ᠴᠢᠨᠠᠭᠰᠢᠳᠠ ᠴᠢᠩᠭᠠᠳᠬᠠᠵᠤ᠂ | ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠶᠠᠪᠤᠴᠠ ᠶᠢ ᠵᠢᠷᠤᠮᠵᠢᠭᠤᠯᠵᠤ᠂ ᠬᠢᠨᠠᠨ ᠰᠢᠯᠭᠠᠯᠲᠠ ᠶᠢ ᠰᠠᠶᠢᠵᠢᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠴᠢᠨᠠᠷ ᠰᠠᠶᠢᠲᠠᠢ ᠵᠠᠰᠠᠭ ᠤᠨ ᠶᠠᠪᠤᠳᠠᠯ᠂ ᠪᠡᠯᠡ ᠣᠷᠣᠭᠤᠯᠤᠯᠲᠠ ᠪᠣᠯᠣᠨ | ᠠᠮᠢᠳᠤᠷᠠᠯ ᠤᠨ ᠣᠷᠴᠢᠨ ᠠᠬᠤᠢ ᠶᠢ ᠬᠦᠴᠦᠯᠡᠨ ᠪᠤᠢ ᠪᠣᠯᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠨ ᠦᠢᠯᠡᠴᠢᠯᠡᠭᠡ ᠪᠠᠲᠤᠯᠠᠭ᠎ᠠ | ᠬᠠᠩᠭᠠᠬᠤ ᠬᠡᠷᠡᠭᠲᠡᠢ ᠭᠡᠪᠡ᠃ | ᠢᠦᠢ ᠬᠠᠢ ᠢᠦᠢ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠣᠯᠠᠨ ᠤᠳᠤᠷᠢᠳᠬᠤ ᠺᠠᠳ᠋ᠷ ︽ᠭᠤᠣᠯ ᠡᠭᠦᠷᠭᠡ ᠶᠢ ᠡᠭᠦᠷᠭᠡᠯᠡᠵᠦ᠂ ᠬᠤᠪᠢ ᠨᠡᠮᠡᠷᠢ | ᠦᠵᠡᠭᠦᠯᠬᠦ︾ ᠪᠠ ︽ᠰᠢᠨ᠎ᠡ ᠵᠠᠮ ᠢ ᠨᠡᠭᠡᠭᠡᠵᠦ᠂ ᠡᠮᠦᠨ᠎ᠡ ᠡᠩᠨᠡᠭᠡᠨ ᠳᠤ ᠣᠷᠣᠬᠤ︾ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠣᠭᠤᠷᠢᠨ ᠳᠤ᠂ ᠪᠠᠶᠢᠯᠳᠤᠬᠤ | ᠪᠣᠳᠣᠯᠭ᠎ᠠ ᠶᠢᠨ ᠰᠡᠳᠬᠢᠭᠦᠢ᠂ ᠰᠢᠰᠲ᠋ᠧᠮᠲᠦ ᠰᠡᠳᠬᠢᠭᠦᠢ᠂ ᠰᠢᠨ᠎ᠡ ᠶᠢ ᠡᠭᠦᠳᠬᠦ ︽ᠭᠤᠷᠪᠠᠨ ᠰᠡᠳᠬᠢᠬᠦᠢ︾ ᠶᠢ ᠴᠢᠩᠭᠠᠳᠬᠠᠵᠤ᠂ ᠤᠨᠤᠯ᠂ ᠲᠦᠷᠦ ᠶᠢᠨ ᠪᠣᠳᠣᠯᠭ᠎ᠠ᠂ | ᠬᠠᠤᠯᠢ ᠴᠠᠭᠠᠵᠠ᠂ ᠲᠤᠰᠬᠠᠢ ᠮᠡᠷᠭᠡᠵᠢᠯ ᠤᠨ ︽ᠲᠦᠷᠪᠡᠨ ᠲᠦᠪᠰᠢᠨ︾ ᠢ ᠳᠡᠭᠡᠭᠰᠢᠯᠡᠭᠦᠯᠵᠦ᠂ ᠤᠷᠢᠳᠴᠢᠯᠠᠨ ᠲᠥᠰᠥᠭᠡᠯᠡᠬᠦ᠂ ᠨᠢᠭᠡᠳᠦᠯᠲᠡᠢ ᠲᠥᠯᠥᠪᠵᠢᠭᠦᠯᠦᠨ | ᠤᠬᠠᠭᠠᠯᠠᠬᠤ᠂ ᠶᠡᠷᠦᠩᠬᠡᠶᠢᠯᠡᠨ ᠵᠣᠬᠢᠴᠠᠭᠤᠯᠬᠤ᠂ ᠥᠨᠳᠥᠷ ᠪᠦᠲᠦᠮᠵᠢᠲᠡᠢ ᠬᠡᠷᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠦᠯᠬᠦᠮᠳᠡᠨ ᠬᠠᠮᠵᠢᠯᠴᠠᠬᠤ ︽ | ᠵᠢᠷᠭᠤᠭᠠᠨ ᠴᠢᠳᠠᠪᠤᠷᠢ︾ ᠶᠢ ᠳᠡᠭᠡᠭᠰᠢᠯᠡᠭᠦᠯᠵᠦ᠂ ᠡᠷᠴᠢ ᠵᠣᠷᠢᠭ ᠢᠶᠠᠨ ᠬᠥᠪᠴᠢᠯᠡᠨ ᠠᠷᠠᠯᠵᠢᠶᠠᠴᠢᠨ ᠤᠷᠢᠬᠤ ᠶᠢ ᠠᠳᠬᠤᠵᠤ᠂ ᠲᠦᠷᠦᠯ ᠵᠦᠢᠯ ᠢ ᠬᠡᠷᠡᠭᠵᠢᠭᠦᠯᠵᠦ᠂ | ᠠᠵᠤ ᠠᠬᠤᠢ ᠶᠢ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠪᠡ᠃ |