ᠣᠶᠢᠷ᠎ᠠ ᠶᠢᠨ ᠡᠳᠦᠷ᠂ ᠮᠠᠨ ᠤ ᠬᠤᠲᠠ ᠭᠤᠷᠪᠠᠳᠤᠭᠠᠷ ᠤᠳᠠᠭᠠᠨ ᠤ ᠦᠢᠯᠡᠰ ᠪᠦᠲᠦᠭᠡᠬᠦ ᠳᠤᠯᠠᠭᠠᠨ ᠬᠤᠲᠠ ᠶᠢᠨ ᠥᠷᠯᠥᠭᠡ ᠶᠢᠨ ᠬᠤᠷᠠᠯ ᠢ ᠬᠤᠷᠠᠯᠳᠤᠭᠤᠯᠪᠠ | ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠨᠣᠣᠯᠤᠭᠤᠷ ᠤᠨ ᠬᠦᠷᠢᠶ᠎ᠡ ᠴᠠᠷᠠᠭᠠᠨ ᠳᠠᠬᠢ 11 ᠠᠵᠤ | ᠠᠬᠤᠶᠢᠯᠠᠯ ᠪᠠ 6 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠤᠷᠢᠵᠤ | ᠬᠠᠮᠲᠤ ᠪᠠᠷ ᠥᠷᠯᠥᠭᠡ ᠶᠢᠨ ᠬᠤᠭᠤᠯᠠ ᠵᠣᠭᠤᠭᠯᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠨᠣᠣᠯᠤᠭᠤᠷ ᠤᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠵᠥᠪᠯᠡᠪᠡ᠃ | ᠢᠦᠢ ᠬᠠᠢ ᠢᠦᠢ ᠣᠷᠳᠣᠰ ᠬᠤᠳᠠ ᠶᠢᠨ ᠢᠮᠠᠭᠠᠨ ᠨᠣᠣᠯᠤᠭᠤᠷ ᠤᠨ ᠠᠵᠤ ᠦᠢᠯᠡᠰ ᠢ ᠬᠥᠭᠵᠢᠭᠦᠯᠬᠦ ᠰᠠᠭᠤᠷᠢ ᠪᠠᠲᠤ ᠪᠠᠬᠢ᠂ ᠳᠠᠪᠠᠭᠤᠯᠢᠭ ᠢᠯᠡᠷᠬᠡᠢ᠂ | ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠢᠨ ︽ᠳᠡᠯᠡᠬᠡᠢ ᠶᠢᠨ ᠲᠡᠰ ᠤᠨ | ᠢᠮᠠᠭᠠᠨ ᠨᠣᠣᠯᠤᠭᠤᠷ ᠤᠨ ᠠᠵᠤ ᠦᠢᠯᠡᠰ︾ ᠢ ᠪᠠᠶᠢᠭᠤᠯᠬᠤ ᠬᠠᠷᠠᠯᠲᠠ ᠶᠢ ᠬᠠᠷᠠᠭᠠᠯᠠᠵᠤ᠂ ᠥᠨᠳᠥᠷ ᠪᠠᠶᠢᠷᠢ ᠪᠠᠷ ᠠᠬᠢᠭᠤᠯᠬᠤ ᠶᠢ ᠪᠠᠷᠢᠮᠲᠠᠯᠠᠵᠤ᠂ ᠰᠢᠰᠲ᠋ᠧᠮᠲᠦ | ᠰᠤᠳᠤᠯᠭᠠᠨ ᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠵᠠᠮ ᠢᠶᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠵᠠᠬ᠎ᠠ | ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ ᠳᠡᠭᠡᠳᠦ ᠲᠡᠰ ᠤᠨ᠂ ᠤᠨᠴᠠᠯᠢᠬᠵᠢᠬᠰᠠᠨ᠂ ᠵᠦᠷᠢᠶᠡᠵᠢᠭᠰᠡᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ | ᠬᠡᠷᠡᠭᠲᠡᠢ᠃ ︽ᠲᠥᠷᠥᠯ ᠢᠯᠭᠠᠯ᠂ ᠴᠢᠨᠠᠷ ᠴᠢᠨᠰᠠᠭ᠎ᠠ᠂ ᠲᠥᠷᠥᠯ ᠲᠡᠮᠳᠡᠭᠲᠦ︾ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠨᠣᠣᠯᠤᠭᠤᠷ ᠢ | ᠨᠡᠬᠡᠵᠦ ᠡᠳ᠋ᠰᠢᠭᠦᠯᠬᠦ᠂ ᠳᠡᠯᠭᠡᠨ ᠪᠣᠷᠣᠯᠠᠭᠤᠯᠬᠤ ᠠᠷᠠᠯᠵᠢᠶᠠᠯᠠᠬᠤ᠂ ᠲᠥᠷᠥᠯ ᠲᠡᠮᠳᠡᠭᠲᠦ ᠶᠢ ᠴᠤᠭᠴᠠᠯᠠᠬᠤ᠂ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ ᠶᠢ ᠪᠥᠬᠦ | ᠬᠡᠯᠬᠢᠶ᠎ᠡ ᠪᠠᠷ ᠠᠬᠢᠭᠤᠯᠵᠤ᠂ ᠠᠵᠤ ᠦᠢᠯᠡᠰ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ | ᠪᠣᠯᠣᠨ ᠵᠠᠬ᠎ᠠ ᠳᠡᠯᠭᠡᠭᠦᠷ ᠤᠨ ᠬᠤᠪᠢᠷᠠᠯᠲᠠ ᠳᠤ ᠢᠳᠡᠪᠬᠢᠲᠡᠢ ᠵᠣᠬᠢᠴᠠᠵᠤ᠂ ᠳᠡᠮᠵᠢᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ | ᠡᠷᠡᠭᠦᠯ ᠢᠶᠠᠷ ᠦᠷᠭᠦᠯᠵᠢᠯᠡᠨ ᠬᠥᠭᠵᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃ | ᠢᠦᠢ ᠬᠠᠢ ᠢᠦᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠴᠢᠬᠤᠯᠠ | ᠬᠦᠴᠦᠨ ᠵᠦᠢᠯ ᠤᠨ ᠬᠠᠩᠭᠠᠯᠭ᠎ᠠ ᠶᠢ ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠥᠪᠡᠷ ᠤᠨ | ᠦᠷᠳᠡᠭ ᠢ ᠨᠢ ᠪᠠᠭᠤᠷᠠᠭᠤᠯᠵᠤ᠂ ᠵᠠᠬ᠎ᠠ ᠳᠡᠯᠭᠡᠭᠦᠷ ᠢ ᠨᠡᠭᠡᠭᠡᠵᠦ᠂ ᠴᠢᠳᠠᠪᠤᠷᠢᠲᠠᠨ ᠢ ᠡᠯᠰᠡᠨ ᠤᠶᠤᠨ ᠤᠬᠠᠭᠠᠨ ᠣᠯᠭᠤᠵᠤ᠂ ᠠᠷᠭ᠎ᠠ ᠪᠦᠬᠦᠨ ᠢ ᠰᠦᠪᠡᠭᠴᠢᠯᠡᠨ ᠠᠵᠤ | ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠴᠦᠨ | ᠴᠢᠳᠠᠪᠤᠷᠢ ᠶᠢ ᠳᠡᠭᠡᠭᠰᠢᠯᠡᠭᠦᠯᠵᠦ᠂ ᠡᠷᠬᠡ ᠳᠤ ᠬᠠᠯᠳᠠᠬᠤ ᠪᠠ ᠬᠤᠳᠠᠯ ᠬᠠᠭᠤᠷᠮᠠᠭ ᠴᠢᠨᠠᠷ ᠮᠠᠭᠤ ᠪᠦᠲᠦᠭᠡᠭᠳᠡᠭᠦᠨ ᠢ ᠦᠢᠯᠡᠳᠦᠨ ᠪᠣᠷᠣᠯᠠᠭᠤᠯᠬᠤ ᠵᠡᠷᠭᠡ ᠦᠶᠯᠡ | ᠠᠵᠢᠯᠯᠠᠭ᠎ᠠ ᠳᠤ ᠴᠣᠬᠢᠯᠲᠠ ᠥᠭᠴᠦ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠨᠣᠣᠯᠤᠭᠤᠷ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠢᠯᠢᠳᠡᠭ ᠣᠷᠴᠢᠨ ᠠᠬᠤᠢ ᠶᠢ ᠪᠣᠶ ᠪᠣᠯᠭᠠᠵᠤ ᠥᠭᠬᠦ ᠬᠡᠷᠡᠭᠲᠡᠢ ᠭᠡᠪᠡ᠃ | ᠬᠤᠳᠠ ᠶᠢᠨ ᠤᠳᠤᠷᠢᠳᠤᠯᠭ᠎ᠠ ᠮᠢᠶᠣᠣ ᠴᠧᠩ ᠢᠦᠢ᠂ ᠵᠢᠷᠤᠮᠲᠤ ᠣᠷᠤᠯᠴᠠᠪᠠ᠃ |