ᠣᠶᠢᠷ᠎ᠠ ᠶᠢᠨ ᠵᠢᠯ ᠤᠳ ᠲᠤ᠂ ᠡᠵᠡᠨ ᠬᠤᠷᠤᠭ᠎ᠠ ᠬᠤᠰᠢᠭᠤ ᠤᠰᠤ ᠠᠷᠪᠢᠯᠠᠬᠤ ᠤᠬᠠᠭᠤᠯᠭ᠎ᠠ᠂ ᠬᠠᠤᠯᠢ ᠶᠣᠰᠣᠭᠠᠷ ᠤᠰᠤ ᠶᠢ ᠬᠠᠮᠢᠶᠠᠷᠬᠤ᠂ ᠰᠢᠰᠲ᠋ᠧᠮ ᠲᠠᠢ | ᠪᠠᠷ ᠤᠰᠤ ᠶᠢ ᠵᠠᠰᠠᠬᠤ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠢ ᠪᠠᠶᠢᠭᠤᠯᠬᠤ ᠵᠡᠷᠭᠡ ᠬᠦᠴᠦᠲᠡᠢ ᠠᠷᠭ᠎ᠠ ᠬᠡᠮᠵᠢᠶ᠎ᠡ ᠶᠢ ᠠᠪᠴᠤ᠂ ᠤᠰᠤᠨ ᠤ ᠡᠬᠢ ᠪᠠᠶᠡᠯᠢᠭ᠋ ᠢ | ᠰᠢᠨᠵᠢᠯᠡᠬᠦ ᠤᠬᠠᠭᠠᠨᠴᠢ ᠪᠠᠷ ᠠᠰᠢᠭᠯᠠᠵᠤ ᠪᠠᠶᠢᠨ᠎ᠠ᠃ | ᠡᠵᠡᠨ ᠬᠤᠷᠤᠭ᠎ᠠ ᠬᠤᠰᠢᠭᠤ ᠡᠬᠢ ᠡᠭᠦᠰᠦᠯ ᠠᠴᠠ ᠨᠢ ᠡᠵᠡᠮᠳᠡᠬᠦ᠂ ᠴᠢᠨᠠᠷ ᠬᠤᠪᠢᠶᠠᠨ ᠰᠢᠢᠳᠪᠦᠷᠢᠯᠡᠬᠦ᠂ ᠱᠠᠳᠤᠴᠢᠯᠠᠨ ᠠᠰᠢᠭᠯᠠᠬᠤ᠂ ᠡᠬᠢ ᠪᠠᠶᠠᠯᠢᠭ ᠢ | ᠡᠷᠬᠢᠯᠳᠦᠭᠦᠯᠬᠦ ᠪᠠᠷ ᠳᠠᠮᠵᠢᠭᠤᠯᠤᠨ᠂ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠳᠠᠬᠢᠨ ᠠᠰᠢᠭᠯᠠᠬᠤ ᠬᠡᠮᠵᠢᠶ᠎ᠡ ᠶᠢ 95% ᠳᠤ | ᠬᠦᠷᠭᠡᠬᠦ ᠶᠢ ᠪᠡᠶᠡᠯᠡᠭᠦᠯᠵᠦ᠂ ᠲᠡᠭᠡᠲᠤ ᠤᠷᠤᠰᠬᠠᠯ ᠤᠨ ᠠᠳᠠᠯᠢ ᠪᠤᠰᠤ ᠠᠵᠤ ᠠᠬᠤᠶᠢᠯᠠᠯ ᠤᠨ ᠤᠰᠤ ᠬᠡᠷᠡᠭᠯᠡᠬᠦ ᠱᠠᠭᠠᠷᠳᠠᠯᠭ᠎ᠠ ᠶᠢ ᠬᠠᠩᠭᠠᠪᠠ᠃ | ᠮᠧᠩ ᠰᠤ᠋ ᠠᠵᠤ ᠠᠬᠤᠢ ᠶᠢᠨ ᠨᠡᠬᠡᠭᠡᠯᠲᠡ ᠶᠢᠨ ᠣᠷᠣᠨ ᠤ ᠨᠡᠭᠦᠷᠡᠰᠦᠲᠥ᠋ᠷᠥᠭᠴᠢ ᠦᠯᠤ ᠭᠠᠲᠠᠭᠰᠢᠯᠠᠭᠤᠯᠬᠤ ᠠᠵᠤ ᠣᠶᠢᠯᠡᠰ ᠤᠨ ᠬᠦᠷᠢᠶᠡᠯᠡᠩ ᠲᠤᠭᠤᠷᠢᠭ ᠤᠨ | ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠳᠤ᠂ ᠯᠦᠩ ᠵᠢᠢ ᠶᠢᠨ 6 ᠲᠦᠮᠡᠨ ᠲᠣᠨ ᠬᠠᠶᠠᠭᠳᠠᠮᠠᠯ ᠤᠰᠤ ᠶᠢ ᠰᠢᠢᠳᠪᠦᠷᠢᠯᠡᠬᠦ᠂ | ᠪᠤᠰᠤᠳ ᠠᠵᠤ ᠠᠬᠤᠶᠢᠯᠡᠯ ᠤᠨ 4 ᠲᠦᠮᠡᠨ ᠲᠣᠨ ᠬᠠᠶᠠᠭᠳᠠᠮᠠᠯ ᠤᠰᠤ ᠶᠢ ᠰᠢᠢᠳᠪᠦᠷᠢᠯᠡᠬᠦ᠂ ᠦᠳᠭᠡᠨ ᠤᠰᠤ ᠶᠢ ᠰᠢᠢᠳᠪᠦᠷᠢᠯᠡᠬᠦ ᠵᠡᠷᠭᠡ ᠶᠠᠪᠤᠴᠠ ᠶᠢ ᠡᠮᠬᠢ ᠵᠢᠷᠤᠮ | ᠲᠠᠢ ᠶᠠᠪᠤᠭᠲᠠᠭᠤᠯᠵᠤ ᠪᠠᠶᠢᠯ᠎ᠠ᠃ ᠮᠧᠩ ᠰᠦ᠋ ᠠᠵᠤ ᠠᠬᠤᠢ ᠶᠢᠨ ᠨᠡᠬᠡᠭᠡᠯᠲᠡ ᠶᠢᠨ ᠣᠷᠣᠨ ᠤ ᠨᠡᠭᠦᠷᠡᠰᠤᠳᠦ᠋ᠷᠦᠭᠴᠢ ᠦᠯᠤ ᠭᠠᠲᠠᠭᠰᠢᠯᠠᠭᠤᠯᠬᠤ ᠠᠵᠤ ᠣᠶᠢᠯᠡᠰ ᠤᠨ | ᠬᠦᠷᠢᠶᠡᠯᠠᠩ ᠲᠤᠭᠤᠷᠢᠭ ᠤᠨ ᠠᠵᠤ ᠦᠢᠯᠡᠳᠪᠦᠷᠢ ᠶᠢᠨ ᠪᠤᠬᠢᠷ ᠤᠰᠤ ᠶᠢ ᠰᠢᠢᠳᠪᠦᠷᠢᠯᠡᠬᠦ ᠦᠢᠯᠡᠳᠪᠤᠷᠢ ᠵᠢᠴᠢ ᠤᠰᠤᠨ ᠤ ᠡᠬᠢ ᠪᠠᠶᠠᠯᠢᠭ ᠢ ᠲᠠᠬᠢᠨ ᠠᠰᠢᠭᠯᠠᠬᠤ | ᠲᠥᠷᠥᠯ ᠵᠦᠢᠯ 2024 ᠣᠨ ᠤ 10 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠤᠷᠤᠵᠤ᠂ ᠭᠤᠤᠯᠳᠠᠭᠤ ᠬᠦᠷᠢᠶᠡᠯᠡᠩ ᠲᠤᠭᠤᠷᠢᠭ ᠤᠨ ᠭᠡᠷᠡᠯ ᠴᠠᠨᠡᠭ ᠤᠨ ᠪᠥᠬᠦ | ᠠᠵᠤ ᠦᠢᠯᠡᠰ ᠤᠨ ᠬᠡᠯᠬᠢᠶ᠎ᠡ ᠵᠢᠴᠢ ᠪᠣᠰᠤᠳ ᠠᠵᠤ ᠠᠬᠤᠶᠢᠯᠡᠯ ᠤᠨ ᠶᠡᠷᠤᠩᠬᠡᠶᠢᠯᠡᠭᠰᠡᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠠᠵᠢᠯ ᠢ ᠡᠭᠦᠷᠭᠡᠯᠡᠵᠦ᠂ ᠡᠳᠤᠷ ᠤᠨ | ᠪᠣᠬᠢᠷ ᠤᠰᠤ ᠶᠢ ᠰᠢᠢᠳᠪᠦᠷᠢᠯᠡᠬᠦ ᠬᠡᠪᠴᠢᠶᠡᠵᠢᠯ ᠨᠢ 10 ᠲᠦᠮᠡᠨ ᠲᠣᠨ ᠪᠠᠶᠢᠵᠤ᠂ ᠪᠣᠬᠢᠷ ᠤᠰᠤ ᠶᠢ ᠳᠠᠬᠢᠨ ᠠᠰᠢᠭᠯᠠᠬᠤ ᠨᠣᠷᠮ᠎ᠠ ᠶᠢ 95% ᠳᠤ ᠬᠦᠷᠭᠡᠵᠡᠢ᠃ | ᠲᠣᠰ ᠲᠦᠷᠤᠯ ᠵᠦᠢᠯ ᠨᠢ ᠪᠥᠬᠦ ᠤᠯᠤᠰ ᠲᠤ ᠭᠡᠷᠡᠯ ᠴᠠᠨᠡᠭ ᠤᠨ ᠬᠠᠶᠠᠭᠳᠠᠮᠠᠯ ᠤᠰᠤ ᠶᠢ ᠦᠯᠤ ᠭᠠᠲᠠᠭᠰᠢᠯᠠᠭᠤᠯᠬᠤ ᠶᠢ ᠡᠩ ᠲᠦᠷᠦᠭᠦᠨ ᠳᠤ ᠪᠠᠶᠡᠯᠡᠭᠦᠯᠦᠭᠰᠡᠨ | ᠪᠥᠭᠡᠳ ᠪᠡᠯᠡ ᠣᠷᠣᠭᠤᠯᠤᠯᠲᠠ ᠶᠢᠨ ᠬᠡᠪᠴᠢᠶᠡᠵᠢᠯ᠂ ᠪᠤᠴᠠᠭᠠᠨ ᠬᠡᠷᠡᠭᠯᠡᠬᠦ ᠪᠠᠷᠢᠮᠵᠢᠶ᠎ᠡ᠂ ᠳᠠᠪᠤᠰᠤ ᠬᠤᠪᠢᠶᠠᠬᠤ ᠬᠡᠮᠵᠢᠶ᠎ᠡ ᠶᠢᠨ ᠲᠠᠯ᠎ᠠ ᠪᠠᠷ ᠤᠯᠤᠰ ᠤᠨ | ᠲᠤᠳᠤᠭᠠᠲᠤ ᠶᠢᠨ ᠭᠡᠷᠡᠯ ᠴᠠᠨᠡᠭ ᠤᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠬᠦᠷᠢᠶ᠎ᠡ ᠴᠡᠷᠠᠭᠠᠨ ᠳᠠᠬᠢ ︽ᠭᠤᠷᠪᠠᠨ ᠵᠦᠢᠯ ᠤᠨ ᠲᠠᠮᠳᠡᠭᠯᠡᠯ︾ ᠢ ᠰᠢᠨᠠᠳᠭᠡᠵᠦ᠂ | ᠭᠡᠷᠡᠯ ᠴᠠᠨᠡᠭ ᠤᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠬᠦᠷᠢᠶ᠎ᠡ ᠴᠡᠷᠠᠭᠠᠨ ᠳᠠᠬᠢ ᠰᠢᠨ᠎ᠡ ᠬᠡᠪ ᠳᠠᠭᠤᠷᠢᠶᠠᠯ ᠪᠣᠯᠣᠭᠰᠠᠨ ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠡᠵᠡᠨ ᠬᠤᠷᠤᠭ᠎ᠠ ᠬᠤᠰᠢᠭᠤ ᠥᠪᠡᠷᠲᠡᠭᠡᠨ ᠵᠠᠰᠠᠬᠤ ᠣᠷᠣᠨ ᠪᠣᠯᠣᠨ ᠪᠥᠬᠦ ᠬᠤᠲᠠ ᠶᠢᠨ ᠬᠤᠯᠪᠣᠭᠳᠠᠯ ᠪᠦᠬᠦᠢ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠡᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠭᠦ ᠶᠢ ᠶᠡᠭᠡ ᠪᠠᠷ ᠠᠬᠢᠭᠤᠯᠬᠤ᠂ ᠠᠵᠤ | ᠣᠶᠢᠯᠠᠳᠪᠤᠷᠢ ᠶᠢᠨ ᠤᠰᠤ ᠠᠷᠪᠢᠯᠠᠵᠤ ᠪᠣᠬᠢᠷᠳᠤᠯ ᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠶᠡᠭᠡ ᠪᠠᠷ ᠠᠬᠢᠭᠤᠯᠬᠤ᠂ ᠬᠤᠲᠠ ᠪᠠᠯᠭᠠᠰᠤᠨ ᠤ ᠤᠰᠤ ᠠᠷᠪᠢᠯᠠᠵᠤ | ᠬᠤᠬᠢᠷᠠᠯ ᠢ ᠪᠠᠭᠠᠰᠬᠠᠬᠤ ᠶᠢ ᠶᠡᠭᠡ ᠪᠠᠷ ᠠᠬᠢᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠬᠤ ᠪᠠᠷ ᠲᠠᠮᠵᠢᠭᠤᠯᠵᠤ᠂ ᠤᠰᠤ ᠠᠷᠪᠢᠯᠠᠬᠤ ᠠᠵᠢᠯᠯᠠᠭ᠎ᠠ ᠶᠢ ᠪᠦᠬᠦ | ᠬᠦᠴᠦᠨ ᠢᠶᠠᠷ ᠢᠶᠠᠨ ᠦᠷᠨᠢᠭᠦᠯᠪᠠ᠃ |