ᠰᠢᠨᠬᠤᠸᠠ ᠬᠤᠷᠢᠶ᠎ᠠ ᠶᠢᠨ ᠮᠠᠯᠠᠶᠢᠰᠢᠶ᠎ᠠ ᠶᠢᠨ ᠪᠦᠲ᠋ᠧᠯᠠᠵᠢᠶᠠᠶᠠ ᠶᠢᠨ 4 ᠰᠠᠷ᠎ᠠ ᠶᠢᠨ 16 ᠤ ᠴᠠᠭᠢᠯᠭᠠᠨ ᠮᠡᠳᠡ᠊ᠭᠡ 4 ᠰᠠᠷ᠎ᠠ ᠶᠢᠨ 16 ᠤ ᠦᠳᠡ ᠶᠢᠨ ᠬᠤᠶᠢᠨ᠎ᠠ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠲᠠᠢ ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ | ᠬᠡᠯᠡᠯᠴᠡᠭᠡ ᠬᠢᠪᠡ᠃ | ᠰᠢ ᠶᠢᠨ ᠫᠢᠩ ᠲᠡᠷᠭᠡᠨ ᠳᠤ ᠰᠠᠭᠤᠵᠤ ᠶᠡᠷᠦᠩᠬᠡᠢ ᠰᠠᠶᠢᠳ ᠤᠨ ᠣᠷᠳᠣᠨ ᠳᠤ ᠬᠦᠷᠬᠦ ᠳᠤ ᠠᠨᠸᠠᠷ ᠬᠠᠯᠠᠭᠤᠨ ᠢᠶᠠᠷ ᠤᠭᠲᠤᠪᠠ᠃ ᠮᠠᠯᠠᠶᠢᠰᠢᠶ᠎ᠠ ᠶᠢᠨ ᠵᠠᠯᠠᠭᠤᠴᠤᠳ | ᠪᠠᠭᠠᠴᠤᠳ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ᠂ ᠭᠦᠷ ᠬᠥᠭᠵᠢᠶᠡᠨ ᠲᠠᠢ ᠬᠡᠩᠭᠡᠷᠭᠡᠨ ᠬᠥᠭᠵᠢᠮ ᠢ ᠬᠠᠩᠭᠢᠨᠠᠭᠤᠯᠵᠤ᠂ ᠣᠷᠭᠢᠯᠤᠮ᠎ᠠ | ᠰᠡᠳᠬᠢᠯᠭᠡ ᠲᠠᠢ ᠦᠨᠳᠦᠰᠦᠲᠡᠨ ᠤ ᠪᠥᠵᠢᠭ ᠢ ᠪᠥᠵᠢᠭᠯᠡᠵᠦ᠂ ᠠᠯᠤᠰ ᠠᠴᠠ ᠬᠦᠷᠦᠯᠴᠡᠨ ᠢᠷᠡᠭᠰᠡᠨ ᠬᠦᠨᠳᠦᠲᠦ ᠵᠣᠴᠢᠨ ᠢᠶᠠᠨ ᠬᠠᠯᠠᠭᠤᠨ ᠢᠶᠠᠷ ᠤᠭᠲᠤᠪᠠ᠃ | | | | | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠲᠠᠢ | ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠶᠢᠨ ᠤᠯᠠᠮᠵᠢᠯᠠᠯᠲᠤ ᠨᠥᠬᠦᠷᠯᠡᠯ ᠮᠢᠩᠭᠠᠨ ᠣᠨ ᠢ ᠲᠤᠭᠤᠯᠪᠠ᠃ ᠬᠤᠶᠠᠷ ᠤᠯᠤᠰ ᠤᠨ ᠨᠥᠬᠦᠷᠯᠡᠯ ᠥᠨᠢ ᠤᠳᠠᠭᠠᠨ | ᠲᠡᠦᠬᠡᠨ ᠶᠠᠪᠤᠴᠠ ᠳᠤ ᠪᠤᠢ ᠪᠣᠯᠵᠤ᠂ ᠰᠣᠶᠣᠯ ᠤᠨ ᠠᠭᠤᠰᠤᠯᠴᠠᠯ ᠤᠨ ᠳᠤᠮᠳᠠ ᠦᠰᠦᠨ ᠪᠣᠶᠢᠵᠢᠵᠤ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ ᠠᠰᠢᠭᠲᠠᠢ | ᠪᠠᠶᠢᠬᠤ ᠳᠤᠮᠳᠠ ᠪᠠᠬᠢᠵᠢᠵᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠳᠤᠮᠳᠠ ᠭᠦᠨᠵᠡᠭᠡᠶᠢᠷᠡᠵᠦ᠂ ᠰᠡᠳᠬᠢᠯ ᠰᠠᠨᠠᠭ᠎ᠠ ᠪᠠᠨ ᠣᠯᠣᠯᠴᠠᠬᠤ᠂ ᠦᠨᠡᠨᠴᠢ ᠪᠠᠷ | ᠬᠠᠨᠳᠤᠬᠤ᠂ ᠵᠢᠷᠤᠮ ᠢ ᠡᠷᠭᠢᠮᠯᠡᠭᠦ᠂ ᠡᠶ᠎ᠡ ᠨᠠᠶᠢᠷ ᠢ ᠳᠡᠭᠡᠳᠦᠯᠡᠬᠦ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠢᠯᠡᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ | ᠲᠡᠦᠬᠡ ᠶᠢᠨ ᠤᠶᠤᠨ ᠤᠬᠠᠭᠠᠨ ᠪᠣᠯᠣᠨ ᠰᠥᠰᠥ ᠵᠣᠷᠢᠭ ᠢ ᠢᠯᠡᠷᠡᠭᠦᠯᠵᠦ᠂ ᠬᠤᠶᠠᠷ ᠤᠯᠤᠰ ᠤᠨ ᠬᠠᠮᠲᠤ ᠶᠢᠨ ᠡᠷᠬᠢᠮ ᠨᠠᠨᠳᠢᠨ ᠥᠪ ᠬᠥᠷᠥᠩᠭᠡ ᠪᠣᠯᠤᠭᠰᠠᠨ ᠪᠠᠶᠢᠨ᠎ᠠ᠃ | ᠨᠢᠳᠤᠨᠤᠨ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠨ ᠦᠪᠡᠳᠡᠭᠰᠢ ᠶᠡᠭᠡ ᠪᠠᠷ ᠪᠡᠯᠭᠡᠯᠡᠪᠡ᠃ ᠥᠩᠭᠡᠷᠡᠭᠰᠡᠨ 50 | ᠵᠢᠯ ᠳᠤ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠂ ᠬᠤᠶᠠᠷ ᠲᠠᠯ᠎ᠠ ᠪᠠᠷ ᠢᠶᠠᠨ ᠳᠠᠷᠠᠭᠠᠴᠢ ᠶᠢᠨ 50 ᠵᠢᠯ ᠳᠤ ᠲᠡᠦᠬᠡ ᠶᠢᠨ | ᠰᠠᠨᠠᠭᠠᠴᠢᠯᠠᠭ᠎ᠠ ᠶᠢ ᠦᠷᠭᠦᠯᠵᠢᠯᠡᠨ ᠡᠵᠡᠮᠳᠡᠵᠦ᠂ ᠴᠠᠭ ᠦᠶ᠎ᠡ ᠶᠢᠨ ᠤᠷᠤᠰᠬᠠᠯ ᠤᠨ ᠡᠮᠦᠨ᠎ᠡ ᠵᠣᠷᠢᠭᠲᠠᠢ ᠵᠣᠭᠰᠣᠵᠤ᠂ ᠥᠨᠳᠥᠷ ᠲᠦᠪᠰᠢᠨ ᠪᠦᠬᠦᠢ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ | ᠤᠯᠠᠨ ᠪᠤᠶᠠᠨ ᠦᠢᠯᠡᠳᠴᠦ᠂ ᠭᠠᠵᠠᠷ ᠣᠷᠣᠨ ᠤ ᠬᠥᠭᠵᠢᠯ ᠴᠡᠴᠡᠭᠯᠡᠯ ᠲᠣᠭᠲᠠᠭᠤᠨ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠲᠤᠬᠠᠢ ᠭᠤᠷᠪᠠᠨ ᠲᠠᠯ᠎ᠠ ᠶᠢᠨ ᠰᠠᠨᠠᠯ ᠳᠤᠷᠠᠳᠪᠠ᠃ | ᠨᠢᠭᠡ ᠳᠤ᠂ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ | ᠥᠷᠨᠢᠭᠦᠯᠦᠶ᠎ᠡ᠃ ᠳᠤᠮᠳᠠᠳᠤ ᠮᠠᠯᠠᠶᠢᠰᠢᠶ᠎ᠠ ᠬᠤᠶᠠᠷ ᠤᠯᠤᠰ ᠴᠥᠮ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠳᠠᠭᠠᠳᠤ ᠶᠢᠨ ᠭᠠᠷ | ᠲᠦᠷᠦᠭᠦ ᠶᠢ ᠡᠰᠡᠷᠭᠦᠴᠡᠵᠦ᠂ ᠦᠷᠭᠦᠯᠵᠢᠯᠡᠨ ᠭᠠᠷ ᠬᠤᠯᠪᠣᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ | ᠲᠤᠰ ᠲᠤᠰ ᠤᠨ ᠢᠶᠠᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠤ᠂ ᠢᠷᠡᠭᠡᠳᠦᠢ ᠬᠤᠪᠢ | ᠵᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠡᠵᠡᠮᠳᠡᠶ᠎ᠡ᠃ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ︽2 + 2︾ ᠶᠠᠷᠢᠯᠴᠠᠭᠠᠨ ᠤ | ᠲᠣᠭᠲᠠᠴᠠ ᠶᠢ ᠪᠠᠶᠢᠭᠤᠯᠵᠤ᠂ ᠤᠯᠤᠰ ᠤᠨ ᠠᠮᠤᠷ ᠲᠦᠪᠰᠢᠨ᠂ ᠰᠡᠷᠭᠡᠶᠢᠯᠡᠨ ᠬᠠᠮᠠᠭᠠᠯᠠᠬᠤ ᠠᠵᠢᠯ᠂ ᠬᠠᠤᠯᠢ ᠬᠡᠷᠡᠭᠵᠢᠭᠦᠯᠬᠦ ᠰᠣᠯᠢᠯᠴᠠᠭ᠎ᠠ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠶ᠎ᠡ᠃ | ᠬᠤᠶᠠᠷ ᠲᠤ᠂ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ | ᠪᠣᠯᠭᠠᠶ᠎ᠠ᠃ ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠷ | ᠴᠢᠷᠮᠠᠶᠢᠵᠤ᠂ ᠮᠠᠯᠠᠶᠢᠰᠢᠶ᠎ᠠ ᠶᠢᠨ ︽ᠴᠠᠩᠮᠢᠩ ᠤᠨ ᠠᠵᠤ ᠠᠬᠤᠢ︾ ᠶᠢᠨ ᠲᠥᠯᠥᠪᠯᠡᠭᠡ ᠲᠠᠢ ᠠᠷᠭ᠎ᠠ ᠨᠢ ᠣᠨᠳᠣᠣ ᠠᠮᠵᠢᠯᠲᠠ ᠨᠢ ᠠᠳᠠᠯᠢ ᠪᠣᠯᠣᠨ᠎ᠠ᠃ ᠬᠤᠶᠠᠷ | ᠲᠠᠯ᠎ᠠ ᠪᠠᠷ ᠢᠶᠠᠨ ᠭᠠᠷ ᠬᠤᠯᠪᠣᠨ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠲᠠᠯᠠᠢ ᠲᠠᠩᠭᠢᠰ ᠤᠨ ᠠᠵᠤ ᠠᠬᠤᠢ᠂ ᠵᠣᠬᠢᠶᠠᠮᠠᠯ ᠣᠶᠤᠨ | ᠴᠢᠳᠠᠪᠤᠷᠢ ᠵᠡᠷᠭᠡ ᠬᠤᠰᠢᠭᠤᠷᠠᠯ ᠬᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ | ᠬᠡᠯᠬᠢᠶ᠎ᠡ᠂ ᠥᠷᠲᠡᠭ ᠤᠨ ᠬᠡᠯᠬᠢᠶ᠎ᠡ᠂ ᠲᠤᠭ᠎ᠠ ᠪᠠᠷᠢᠮᠲᠠ ᠶᠢᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠴᠢᠩᠭᠠᠳᠬᠠᠶ᠎ᠠ᠃ ᠤᠯᠠᠮᠵᠢᠯᠠᠯᠲᠤ | ᠬᠦᠷᠢᠶᠡᠨ ᠳᠠᠬᠢ ᠬᠠᠮᠲᠤᠷᠠᠯᠴᠠᠭ᠎ᠠ ᠶᠢᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠬᠤᠣᠰ ᠴᠢᠭᠯᠡᠯ ᠤᠨ ᠪᠡᠯᠡ ᠣᠷᠣᠭᠤᠯᠤᠯᠲᠠ ᠶᠢ ᠠᠬᠢᠭᠤᠯᠤᠶ᠎ᠠ᠃ | ᠲᠡᠮᠦᠷ ᠵᠠᠮ ᠪᠠ ᠲᠠᠯᠠᠢ ᠲᠠᠩᠭᠢᠰ ᠤᠨ ᠬᠠᠮᠲᠤᠷᠠᠭᠰᠠᠨ ᠲᠡᠭᠡᠭᠡᠪᠦᠷᠢ ᠶᠢ ᠠᠬᠢᠭᠤᠯᠵᠤ᠂ ︽ᠬᠤᠶᠠᠷ ᠤᠯᠤᠰ ᠤᠨ ᠬᠤᠣᠰ ᠬᠦᠷᠢᠶᠡᠯᠡᠩ︾ ᠤᠨ ᠶᠠᠰᠤ ᠴᠢᠨᠠᠷ ᠢ | ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠪᠡᠶᠡᠯᠡᠭᠦᠯᠵᠦ᠂ ᠮᠠᠯᠠᠶᠢᠰᠢᠶ᠎ᠠ ᠶᠢᠨ ᠴᠢᠬᠤᠯᠠ ᠭᠠᠷᠠᠮ ᠢ ︽ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ︾ ᠤᠨ | ᠴᠢᠬᠤᠯᠠ ᠬᠦᠢᠰᠦ ᠪᠣᠯᠭᠠᠨ ᠪᠠᠶᠢᠭᠤᠯᠤᠶ᠎ᠠ᠃ | ᠭᠤᠷᠪᠠ ᠳᠤ᠂ ᠦᠶ᠎ᠡ ᠦᠶ᠎ᠡ ᠶᠢᠨ ᠨᠥᠬᠦᠷᠯᠡᠯ ᠢ ᠤᠯᠠᠮᠵᠢᠯᠠᠵᠤ᠂ ᠪᠣᠯᠪᠠᠰᠤᠨ ᠤ ᠰᠣᠯᠢᠯᠴᠠᠭ᠎ᠠ ᠪᠠ ᠬᠠᠷᠢᠯᠴᠠᠨ ᠲᠣᠯᠢ ᠪᠤᠯᠭᠠᠬᠤ ᠶᠢ ᠭᠦᠨᠵᠡᠭᠡᠶᠢᠷᠡᠭᠦᠯᠦᠶ᠎ᠡ᠃ | ︽ᠺᠦᠩᠽᠢ ᠶᠢᠨ ᠰᠤᠷᠭᠠᠯ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠬᠤᠶᠠᠷ ᠤᠯᠤᠰ ᠴᠢᠨᠠᠭᠰᠢᠯᠠᠪᠠᠯ ᠭᠠᠵᠠᠷ | ᠣᠷᠣᠨ ᠤ ᠳᠠᠪᠬᠤᠷᠭ᠎ᠠ ᠶᠢᠨ ᠪᠣᠯᠪᠠᠰᠤᠨ ᠤ ᠰᠣᠯᠢᠯᠴᠠᠭᠠᠨ ᠤ ᠲᠠᠪᠴᠠᠩ ᠢ ᠭᠠᠷ ᠬᠤᠯᠪᠣᠨ ᠴᠣᠭᠴᠠᠯᠠᠶ᠎ᠠ᠃ ᠬᠠᠷᠢᠯᠴᠠᠨ ᠸᠢᠰᠠ ᠶᠢ ᠬᠡᠯᠲᠦᠷᠢᠭᠦᠯᠬᠦ ᠬᠡᠯᠡᠯᠴᠡᠭᠡᠷ ᠲᠤ | ᠭᠠᠷ ᠤᠨ ᠥᠰᠥᠭ ᠵᠢᠷᠤᠬᠤ ᠪᠠᠷ ᠠᠵᠠ ᠲᠣᠭᠢᠶᠠᠯ ᠪᠤᠯᠭᠠᠵᠤ᠂ ᠵᠢᠭᠤᠯᠴᠢᠯᠠᠯ᠂ ᠵᠠᠯᠠᠭᠤᠴᠤᠳ᠂ ᠣᠷᠣᠨ ᠨᠤᠲᠤᠭ ᠤᠨ ᠰᠣᠯᠢᠯᠴᠠᠭ᠎ᠠ ᠶᠢ ᠶᠡᠭᠡ ᠪᠠᠷ ᠥᠷᠨᠢᠭᠦᠯᠵᠦ᠂ | ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠺᠢᠨᠣ᠋᠂ ᠵᠠᠭᠤᠴᠢᠯᠠᠭᠤᠷ ᠵᠡᠷᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠷᠠᠳ ᠤᠨ ᠰᠡᠳᠬᠢᠯ ᠤᠨ | ᠨᠡᠪᠲᠡᠷᠡᠯᠴᠡᠭᠡ ᠶᠢ ᠠᠬᠢᠭᠤᠯᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠦᠶ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠮᠠᠯᠠᠶᠢᠰᠢᠶ᠎ᠠ ᠶᠢᠨ ᠲᠠᠯ᠎ᠠ ᠲᠠᠢ ᠮᠠᠯᠤᠷ | ᠥᠲᠡᠭᠡ ᠶᠢ ᠬᠠᠮᠠᠭᠠᠯᠠᠬᠤ ᠬᠠᠮᠲᠤᠷᠠᠯᠴᠠᠭᠠᠨ ᠤ ᠰᠤᠳᠤᠯᠭᠠᠨ ᠢ ᠦᠷᠭᠦᠯᠵᠢᠯᠡᠨ ᠰᠠᠶᠢᠲᠤᠷ ᠥᠷᠨᠢᠭᠦᠯᠦᠨ᠎ᠡ᠃ | ᠰᠢ ᠶᠢᠨ ᠫᠢᠩ᠂ ᠮᠠᠯᠠᠶᠢᠰᠢᠶ᠎ᠠ ᠶᠢᠨ ᠬᠢᠨ ᠡᠨᠡ ᠵᠢᠯ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠭᠤᠣᠯ ᠰᠡᠳᠦᠪ ᠢ ︽ᠪᠠᠭᠲᠠᠭᠠᠮᠵᠢᠲᠤ | ᠴᠢᠨᠠᠷ ᠪᠣᠯᠣᠨ ᠦᠷᠭᠦᠯᠵᠢᠯᠡᠬᠦ ᠴᠢᠨᠠᠷ︾ ᠭᠡᠵᠦ ᠲᠣᠭᠲᠠᠭᠠᠭᠰᠠᠨ ᠨᠢ ᠴᠠᠭ ᠤᠨ ᠪᠠᠶᠢᠳᠠᠯ ᠤᠨ ᠲᠤᠬᠠᠢ ᠭᠦᠨᠵᠡᠭᠡᠢ ᠠᠵᠢᠭᠯᠠᠯᠲᠠ ᠶᠢ ᠢᠯᠡᠷᠡᠭᠦᠯᠪᠡ᠃ ᠳᠤᠮᠳᠠᠳᠤ ᠤᠯᠤᠰ | ᠮᠠᠯᠠᠶᠢᠰᠢᠶ᠎ᠠ ᠶᠢᠨ ᠬᠢᠨ ᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠦᠢᠯᠡᠳᠦᠯ ᠢᠶᠠᠨ | ᠪᠠᠳᠠᠷᠠᠭᠤᠯᠬᠤ ᠶᠢ ᠲᠡᠮᠵᠢᠵᠤ᠂ ᠳᠤᠷᠠᠲᠠᠶ᠎ᠠ ᠭᠠᠵᠠᠷ ᠣᠷᠣᠨ ᠤ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ - ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠢ ᠲᠡᠰ ᠳᠡᠪᠰᠢᠭᠦᠯᠬᠦ ᠵᠥᠪᠯᠡᠯᠴᠡᠭᠡᠷ ᠤᠨ ᠪᠢᠴᠢᠭ ᠲᠤ ᠡᠷᠲᠡᠬᠡᠨ ᠭᠠᠷ ᠤᠨ ᠦᠰᠦᠭ ᠵᠢᠷᠤᠵᠤ᠂ ᠨᠡᠭᠡᠭᠡᠯᠲᠡᠲᠡᠢ | ᠪᠠᠭᠲᠠᠭᠠᠮᠵᠢᠲᠠᠢ᠂ ᠪᠦᠯᠬᠦᠮᠳᠡᠨ ᠬᠠᠮᠲᠤᠷᠠᠯᠴᠠᠬᠤ ᠪᠠᠷ ︽ᠬᠠᠷᠢᠴᠠᠭ᠎ᠠ ᠬᠤᠯᠪᠤᠭ᠎ᠠ ᠪᠠᠨ ᠲᠠᠰᠤᠯᠬᠤ︾᠂ ︽ᠪᠠᠭ᠎ᠠ ᠬᠦᠷᠢᠶ᠎ᠡ ᠥᠨᠳᠥᠷ ᠬᠡᠷᠡᠮ︾ ᠪᠣᠯᠣᠨ ᠪᠣᠭᠤᠮᠲᠠ ᠶᠢᠨ | ᠭᠠᠶᠢᠯᠢ ᠶᠢ ᠳᠤᠷ᠎ᠠ ᠪᠠᠷ ᠢᠶᠠᠨ ᠲᠠᠲᠠᠪᠤᠷᠢᠯᠠᠬᠤ ᠶᠢ ᠬᠤᠷᠢᠭᠯᠠᠵᠤ᠂ ᠡᠩᠬᠡ ᠲᠠᠶᠢᠪᠤᠩ᠂ ᠬᠠᠮᠲᠤᠷᠠᠯᠴᠠᠬᠤ᠂ ᠨᠡᠭᠡᠭᠡᠯᠲᠡᠲᠡᠢ᠂ ᠪᠠᠭᠲᠠᠭᠠᠮᠵᠢᠲᠠᠢ ᠠᠽᠢᠶ᠎ᠠ ᠲᠢᠪ ᠤᠨ | ᠦᠷᠳᠡᠭ ᠤᠨ ᠦᠵᠡᠯᠲᠡ ᠪᠠᠷ ᠪᠠᠭᠤᠷᠠᠢ ᠨᠢ ᠬᠦᠴᠦᠷᠬᠡᠭ ᠲᠡᠭᠡᠨ ᠳᠣᠷᠣᠮᠵᠢᠯᠠᠭᠳᠠᠵᠤ ᠵᠠᠯᠭᠢᠭᠳᠠᠬᠤ ᠤᠢ ᠰᠢᠭᠤᠢ ᠶᠢᠨ ᠵᠢᠮ᠎ᠡ ᠬᠠᠤᠯᠢ ᠳᠤ ᠬᠠᠷᠢᠭᠤᠯᠲᠠ ᠥᠭᠴᠦ᠂ | ᠠᠽᠢᠶ᠎ᠠ ᠲᠢᠪ ᠤᠨ ᠲᠣᠭᠲᠠᠪᠤᠷᠢᠲᠤ ᠴᠢᠨᠠᠷ ᠪᠣᠯᠣᠨ ᠲᠣᠬᠲᠠᠭᠠᠯᠲᠤ ᠴᠢᠨᠠᠷ ᠢᠶᠠᠷ ᠳᠡᠯᠡᠬᠡᠢ ᠶᠢᠨ ᠲᠣᠭᠲᠠᠪᠤᠷᠢᠲᠤ ᠪᠤᠰᠤ ᠪᠠ ᠲᠣᠬᠲᠠᠭᠠᠯᠲᠤ ᠪᠤᠰᠤ ᠪᠠᠶᠢᠳᠠᠯ ᠢ | ᠠᠷᠭᠠᠴᠠᠭᠠᠨ᠎ᠠ ᠭᠡᠵᠦ ᠵᠢᠭᠠᠵᠤ ᠭᠠᠷᠭᠠᠪᠠ᠃ | | | | | 4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠲᠠᠢ | ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ | ᠤᠳᠤᠷᠢᠳᠬᠤ ᠬᠥᠮᠥᠨ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ | ᠠᠨᠸᠠᠷ ᠲᠡᠷᠢᠭᠦᠯᠡᠭᠴᠢ ᠰᠢ ᠶᠢᠨ ᠫᠢᠩ ᠤᠨ ᠮᠠᠯᠠᠶᠢᠰᠢᠶ᠎ᠠ ᠳᠤ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠵᠤ᠂ ᠤᠷᠳᠤ ᠬᠤᠭᠤᠴᠠᠭᠠᠨ ᠤ ᠲᠤᠷᠰᠢ | ᠳᠤᠮᠳᠠᠳᠤ ᠤᠯᠤᠰ ᠦᠨᠡᠨ ᠰᠡᠳᠬᠢᠯ ᠠᠴᠠ ᠪᠠᠨ ᠮᠠᠯᠠᠶᠢᠰᠢᠶ᠎ᠠ ᠶᠢ ᠬᠠᠪᠰᠤᠷᠴᠤ᠂ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ | ᠬᠠᠮᠲᠤᠳᠬᠠᠭᠰᠠᠨ ᠮᠠᠯᠠᠶᠢᠰᠢᠶ᠎ᠠ ᠶᠢᠨ ᠨᠠᠶᠢᠳᠠᠪᠤᠷᠢᠲᠠᠢ ᠨᠠᠶᠢᠵᠠ ᠮᠥᠨ᠃ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠢ ᠤᠳᠤᠷᠢᠳᠤᠨ ᠠᠭᠤᠤ ᠶᠡᠭᠡ | ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠵᠤ᠂ ᠬᠠᠮᠲᠤ ᠪᠠᠷ ᠴᠡᠴᠡᠭᠯᠡᠨ | ᠬᠥᠭᠵᠢᠬᠦ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠶᠢ ᠰᠠᠨᠠᠭᠠᠴᠢᠯᠠᠭᠰᠠᠨ ᠤᠳᠤ ᠶᠢᠨ ᠳᠡᠯᠡᠬᠡᠢ ᠶᠢᠨ ᠭᠠᠷᠮᠠᠭᠠᠢ ᠤᠳᠤᠷᠢᠳᠬᠤ ᠬᠥᠮᠥᠨ ᠮᠥᠨ᠃ | ᠮᠠᠯᠠᠶᠢᠰᠢᠶ᠎ᠠ ᠶᠢᠨ ᠠᠷᠠᠳ ᠲᠦᠮᠡᠨ ᠳᠤᠮᠳᠠᠳᠤ ᠤᠯᠤᠰ ᠪᠣᠯᠣᠨ ᠲᠡᠷᠢᠭᠦᠯᠡᠭᠴᠢ ᠰᠢ ᠶᠢᠨ ᠫᠢᠩ ᠢ ᠪᠢᠰᠢᠷᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠲᠤᠰ | ᠤᠳᠠᠭ᠎ᠠ ᠶᠢᠨ ᠠᠶᠢᠯᠴᠢᠯᠠᠯᠲᠠ ᠶᠢᠨ ᠣᠯᠣᠭᠰᠠᠨ ᠰᠢᠨ᠎ᠡ ᠲᠡᠮᠳᠡᠭᠯᠡᠯ ᠢ ᠡᠭᠦᠳᠦᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠨᠢ ᠮᠠᠯᠠᠶᠢᠰᠢᠶ᠎ᠠ ᠶᠢᠨ ᠲᠠᠯ᠎ᠠ ᠳᠤ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠂ ᠮᠠᠯᠠᠶᠢᠰᠢᠶ᠎ᠠ ᠶᠢᠨ ᠬᠢᠨ ᠶᠡᠬᠡᠳᠡ ᠵᠣᠷᠢᠭᠵᠢᠪᠠ᠃ ᠮᠠᠯᠠᠶᠢᠰᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ | ᠪᠣᠳᠣᠯᠭ᠎ᠠ ᠶᠢ ᠡᠷᠡᠰ ᠬᠡᠷᠡᠭᠵᠢᠭᠦᠯᠵᠦ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠠᠮᠠᠷᠪᠠ ᠠᠵᠢᠯᠯᠠᠭ᠎ᠠ ᠶᠢ ᠳᠡᠮᠵᠢᠬᠦ ᠦᠭᠡᠢ᠃ ᠮᠠᠯᠠᠶᠢᠰᠢᠶ᠎ᠠ ᠶᠢᠨ ᠬᠢᠨ ᠳᠤᠷᠠᠲᠠᠶ᠎ᠠ | ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠦᠨ᠎ᠡ︔ ᠬᠤᠶᠠᠷ | ᠤᠯᠤᠰ ᠤᠨ ᠠᠷᠠᠯᠵᠢᠶ᠎ᠠ ᠶᠢ ᠥᠷᠭᠡᠳᠬᠡᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠮᠠᠯᠠᠶᠢᠰᠢᠶ᠎ᠠ ᠳᠤ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠵᠦ᠂ | ᠮᠠᠯᠠᠶᠢᠰᠢᠶ᠎ᠠ ᠶᠢᠨ ᠲᠠᠯ᠎ᠠ ᠶᠢᠨ ᠬᠢᠨ ᠲᠠᠢ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ | ᠮᠠᠨᠳᠤᠭᠰᠠᠨ ᠮᠡᠷᠭᠡᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠬᠥᠭᠵᠢᠭᠦᠯᠵᠦ᠂ ᠬᠤᠶᠠᠷ ᠤᠯᠤᠰ ᠤᠨ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠳᠤ ᠬᠦᠴᠦᠨ | ᠨᠡᠮᠡᠷᠢᠯᠡᠬᠦ ᠶᠢ ᠪᠠᠶᠠᠷᠯᠠᠨ ᠤᠭᠲᠤᠵᠤ ᠪᠠᠶᠢᠨ᠎ᠠ︔ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠶᠢ | ᠨᠡᠮᠡᠭᠳᠡᠭᠦᠯᠵᠦ᠂ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ ᠠᠬᠢᠭᠤᠯᠤᠨ᠎ᠠ︔ ᠢᠰᠯᠠᠮ ᠤᠨ ᠪᠣᠯᠪᠠᠰᠤᠨ ᠪᠠ ᠺᠦᠩᠽᠢ ᠶᠢᠨ | ᠰᠤᠷᠭᠠᠯ ᠤᠨ ᠪᠣᠯᠪᠠᠰᠤᠨ ᠤ ᠶᠠᠷᠢᠯᠴᠠᠭ᠎ᠠ ᠶᠢ ᠥᠷᠨᠢᠭᠦᠯᠵᠦ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠤᠨ᠎ᠠ᠃ ᠭᠠᠭᠴᠠ ᠲᠠᠯᠠᠲᠤ ᠦᠵᠡᠯ | ᠲᠣᠯᠣᠭᠠᠢ ᠥᠨᠳᠡᠶᠢᠵᠦ ᠪᠠᠶᠢᠭ᠎ᠠ ᠪᠠᠶᠢᠳᠠᠯ ᠤᠨ ᠡᠮᠦᠨ᠎ᠡ ᠮᠠᠯᠠᠶᠢᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠶᠤᠯ | ᠲᠦᠭᠰᠢᠭᠦᠷᠢ ᠪᠠ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠠᠮᠠᠷᠪᠠ ᠭᠠᠭᠴᠠ ᠲᠠᠯ᠎ᠠ ᠠᠴᠠ | ᠪᠣᠭᠤᠮᠲᠠ ᠶᠢᠨ ᠭᠠᠶᠢᠯᠢ ᠨᠡᠮᠡᠬᠦ ᠠᠷᠭ᠎ᠠ ᠬᠢᠳᠡᠯ ᠢ ᠵᠥᠪᠰᠢᠶᠡᠷᠡᠬᠦ ᠦᠭᠡᠢ᠂ ᠬᠠᠮᠲᠤᠷᠠᠯᠴᠠᠵᠤ ᠬᠤᠯᠪᠣᠭᠠᠯᠠᠬᠤ ᠪᠠᠷ ᠳᠠᠮᠵᠢᠨ ᠥᠪᠡᠷ ᠢ ᠪᠠᠨ ᠬᠦᠴᠦᠷᠬᠡᠭᠵᠢᠭᠦᠯᠵᠦ᠂ ᠠᠵᠤ | ᠠᠬᠤᠢ ᠶᠢᠨ ᠨᠡᠮᠡᠭᠳᠡᠯ ᠢᠶᠠᠨ ᠪᠠᠲᠤᠯᠠᠨ᠎ᠠ᠃ ᠮᠠᠯᠠᠶᠢᠰᠢᠶ᠎ᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠡᠭᠡᠷ᠎ᠡ ᠦᠵᠡᠭᠦᠯᠦᠭᠰᠡᠨ | ᠢᠳᠡᠪᠬᠢ ᠦᠢᠯᠡᠳᠦᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠮᠠᠯᠠᠶᠢᠰᠢᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ | ᠵᠢᠵᠢᠭᠦᠷ ᠲᠡᠷᠢᠭᠦᠯᠡᠭᠴᠢ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ - ᠳᠤᠮᠳᠠᠳᠤ ᠤᠯᠤᠰ ᠤᠨ ᠬᠠᠷᠢᠯᠴᠠᠭᠠᠨ ᠤ ᠵᠣᠬᠢᠴᠠᠭᠤᠯᠤᠭᠴᠢ | ᠤᠯᠤᠰ ᠪᠣᠯᠤᠭᠰᠠᠨ ᠤ ᠬᠤᠪᠢ ᠳᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ - ᠳᠤᠮᠳᠠᠳᠤ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠬᠤ ᠶᠢ | ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠦ ᠢᠯᠡᠳᠬᠡᠪᠡ᠃ | ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠶᠢᠨ 30 ᠭᠠᠷᠤᠢ ᠬᠤᠪᠢ ᠬᠤᠶᠠᠷ | ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ᠂ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢᠨ | ᠬᠠᠮᠲᠤᠷᠠᠯᠴᠠᠭ᠎ᠠ᠂ ︽ᠺᠦᠩᠽᠢ ᠶᠢᠨ ᠰᠤᠷᠭᠠᠯ ᠪᠣᠯᠣᠨ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾᠂ ᠲᠣᠭᠠᠴᠢᠯᠠᠭᠰᠠᠨ ᠠᠵᠤ ᠠᠬᠤᠢ᠂ ᠦᠢᠯᠡᠴᠢᠯᠡᠭᠡᠨ ᠤ | ᠠᠷᠠᠯᠵᠢᠶ᠎ᠠ᠂ ︽ᠬᠤᠶᠠᠷ ᠤᠯᠤᠰ ᠤᠨ ᠬᠤᠣᠰ ᠬᠦᠷᠢᠶᠡᠯᠡᠩ︾ ᠢ ᠲᠡᠰ ᠳᠡᠪᠰᠢᠭᠦᠯᠦᠨ ᠬᠥᠭᠵᠢᠭᠦᠯᠬᠦ᠂ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠵᠣᠬᠢᠶᠠᠮᠠᠯ ᠤᠶᠤᠨ | ᠴᠢᠳᠠᠪᠤᠷᠢ᠂ ᠲᠡᠮᠦᠷ ᠵᠠᠮ᠂ ᠮᠡᠳᠡᠯᠭᠡ ᠶᠢᠨ ᠥᠮᠴᠢᠯᠡᠯ ᠤᠨ ᠡᠷᠬᠡ᠂ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠭᠠᠷᠭᠠᠬᠤ᠂ ᠬᠠᠷᠢᠯᠴᠠᠨ ᠸᠢᠰᠠ ᠶᠢ | ᠬᠡᠯᠲᠦᠷᠢᠭᠦᠯᠬᠦ᠂ ᠮᠠᠯᠤᠷ ᠦᠳᠡᠭᠡ ᠶᠢ ᠬᠠᠮᠠᠭᠠᠯᠠᠬᠤ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠮᠠᠯᠠᠶᠢᠰᠢᠶ᠎ᠠ ᠶᠢᠨ ᠥᠨᠳᠥᠷ ᠲᠦᠪᠰᠢᠨ ᠪᠦᠬᠦᠢ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ | ᠨᠡᠶᠢᠲᠡᠯᠡᠪᠡ᠃ | ᠲᠤᠰ ᠣᠷᠣᠢ ᠠᠨᠸᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | | |