4 ᠰᠠᠷ᠎ᠠ ᠶᠢᠨ 14 ᠤ ᠡᠳᠦᠷ ᠠᠴᠠ 16 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ | ᠢᠦᠢ ᠪᠦᠯᠬᠦᠮ ᠳᠠᠭᠠᠭᠤᠯᠤᠨ ᠹᠦᠵᠢᠶᠠᠨ ᠳᠤ ᠬᠦᠷᠴᠦ ᠲᠥᠷᠥᠯ ᠵᠦᠢᠯ ᠰᠢᠨᠵᠢᠯᠡᠨ ᠪᠠᠶᠢᠴᠠᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠪᠠ᠃ ᠬᠤᠳᠠ ᠶᠢᠨ | ᠳᠡᠳ᠋ ᠳᠠᠷᠤᠭ᠎ᠠ ᠦ᠋ ᠵᠢᠶᠠᠨ ᠰᠢᠶᠦ᠋ᠨ ᠣᠷᠣᠯᠴᠠᠪᠠ᠃ | ᠰᠢᠶᠠᠮᠧᠨ ᠤ ᠶᠢᠨ ᠯᠦᠩ ᠯᠢᠶᠠᠨ ᠾᠧ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ᠂ ᠢᠦᠢ ᠬᠠᠢ ᠢᠦᠢ ᠠᠵᠤ ᠠᠬᠤᠶᠢᠯᠠᠯ ᠤᠨ | ᠠᠵᠤ ᠦᠢᠯᠡᠰ ᠤᠨ ᠪᠠᠶᠢᠷᠢᠰᠢᠭᠤᠯᠤᠯᠲᠠ᠂ ᠦᠢᠯᠡᠳᠬᠦᠨ ᠤ ᠲᠣᠨᠣᠭᠯᠠᠯ᠂ ᠰᠤᠳᠤᠯᠤᠨ ᠨᠡᠭᠡᠭᠡᠵᠦ ᠰᠢᠨ᠎ᠡ ᠶᠢ ᠡᠭᠦᠳᠦᠭᠰᠡᠨ ᠵᠡᠷᠭᠡ ᠪᠠᠶᠢᠳᠠᠯ ᠢ ᠣᠶᠢᠯᠠᠭᠠᠭᠰᠠᠨ ᠤ | ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠣᠷᠳᠣᠰ ᠤᠨ ᠲᠦᠷᠦᠯ ᠵᠦᠢᠯ ᠤᠨ ᠠᠰᠢᠭᠯᠠᠯᠲᠠ ᠣᠷᠣᠭᠤᠯᠵᠤ ᠦᠷ᠎ᠡ ᠠᠰᠢᠭ ᠣᠯᠬᠤ ᠶᠢ ᠲᠦᠷᠭᠡᠳᠬᠡᠬᠦ᠂ | ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠰᠡᠨ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠰᠠᠨᠠᠯ ᠨᠢᠭᠡᠳᠪᠡ︔ ᠰᠢᠶᠠᠩ ᠢᠦᠢ | ᠪᠦᠯᠦᠭᠯᠡᠯ ᠳᠤ᠂ ᠢᠦᠢ ᠬᠠᠢ ᠢᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠤᠶᠠᠷ ᠲᠠᠯ᠎ᠠ ᠪᠠᠷ ᠢᠶᠠᠨ | ᠬᠠᠩᠭᠠᠯᠭ᠎ᠠ ᠶᠢᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ | ᠬᠥᠩᠭᠡᠨᠴᠠᠭᠠᠨ ᠤ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠬᠡᠪᠡ᠃ ᠡᠨᠡ | ᠬᠤᠭᠤᠴᠠᠭᠠᠨ ᠳᠤ᠂ ᠢᠦᠢ ᠬᠠᠢ ᠢᠦᠢ ᠪᠠᠰᠠ ᠬᠤᠯᠪᠣᠭᠳᠠᠯ ᠪᠦᠬᠦᠢ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠠᠪᠤᠳᠠᠯ ᠤᠨ ᠲᠤᠬᠠᠢ ᠰᠢᠶᠠᠮᠧᠨ | ᠬᠤᠳᠠ ᠶᠢᠨ ᠬᠤᠯᠪᠣᠭᠳᠠᠯ ᠪᠦᠬᠦᠢ ᠬᠤᠳᠠ ᠶᠢᠨ ᠤᠳᠤᠷᠢᠳᠤᠯᠭ᠎ᠠ ᠲᠠᠢ ᠠᠭᠤᠯᠵᠠᠪᠠ᠃ | ᠨᠢᠩᠳᠧ ᠬᠤᠳᠠ ᠳᠤ᠂ ᠢᠦᠢ ᠬᠠᠢ ᠢᠦᠢ ᠨᠢᠩᠳᠧ ᠱᠢ ᠳ᠋ᠠᠢ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠲᠦᠷᠦᠯ ᠵᠦᠢᠯ ᠢ ᠰᠢᠨᠵᠢᠯᠡᠨ | ᠪᠠᠶᠢᠴᠠᠭᠠᠬᠤ ᠶᠢᠨ ᠬᠠᠮᠲᠤ ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ᠂ CEO ᠽᠧᠩ ᠢᠦᠢ ᠴᠢᠶᠦ᠋ᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠤᠶᠠᠷ | ᠲᠠᠯ᠎ᠠ ᠪᠠᠷ ᠢᠶᠠᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠠᠮᠲᠤᠷᠠᠯᠴᠠᠭᠠᠨ ᠤ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ | ᠬᠠᠮᠲᠤ ᠪᠣᠳᠣᠯᠲᠠ ᠶᠢᠨ ᠴᠢᠳᠠᠪᠤᠷᠢ ᠪᠠ ᠴᠠᠬᠢᠯᠭᠠᠨ ᠤ ᠬᠦᠴᠦ ᠶᠢ ᠬᠠᠮᠵᠢᠯᠴᠠᠭᠤᠯᠤᠨ ᠬᠥᠭᠵᠢᠭᠦᠯᠬᠦ᠂ ᠡᠨᠧᠷᠭᠢ ᠬᠠᠳᠠᠭᠠᠯᠠᠬᠤ ᠲᠣᠨᠣᠭᠯᠠᠯ ᠦᠢᠯᠡᠳᠬᠦ ᠵᠡᠷᠭᠡ ᠬᠦᠷᠢᠶ᠎ᠡ | ᠴᠠᠷᠠᠭᠠᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ ᠭᠡᠵᠦ ᠢᠯᠡᠳᠬᠡᠪᠡ᠃ | ᠹᠦᠵᠧᠦ ᠬᠤᠲᠠ ᠳᠤ᠂ ᠢᠦᠢ ᠬᠠᠢ ᠢᠦᠢ ᠾᠧᠩ ᠱᠧᠨ ᠪᠦᠯᠦᠭᠯᠡᠯ᠂ ᠺᠠᠢ ᠪᠠᠩ ᠶᠢᠨ ᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢ ᠰᠢᠨᠵᠢᠯᠡᠨ | ᠪᠠᠶᠢᠴᠠᠭᠠᠬᠤ ᠶᠢᠨ ᠬᠠᠮᠲᠤ ᠾᠧᠩ ᠱᠧᠨ᠂ ᠺᠠᠢ ᠪᠠᠩ᠂ ᠳ᠋ᠦᠩ ᠬᠠᠢ ᠪᠣᠯᠣᠳ ᠲᠡᠮᠦᠷ᠂ ᠰᠢᠶᠠᠩ ᠰᠢᠨ ᠬᠤᠪᠢ ᠣᠷᠤᠭᠤᠯᠤᠯᠲᠠ᠂ ᠶᠢᠨ ᠾᠧ ᠪᠡᠯᠡ | ᠣᠷᠤᠭᠤᠯᠤᠯᠲᠠ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠲᠡᠷᠡ ᠣᠷᠳᠣᠰ ᠬᠤᠲᠠ ᠳᠤ ᠨᠡᠯᠢᠶᠡᠳ ᠰᠠᠶᠢᠨ ᠣᠲᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢ ᠲᠠᠢ᠂ ᠬᠢᠮᠢ ᠶᠢᠨ ᠰᠢᠷᠬᠡᠭ ᠵᠡᠷᠭᠡ ᠬᠡᠯᠬᠢᠶ᠎ᠡ ᠶᠢ ᠤᠷᠳᠤᠳᠬᠠᠬᠤ ᠲᠥᠷᠥᠯ ᠵᠦᠢᠯ ᠢ ᠬᠥᠭᠵᠢᠭᠦᠯᠬᠦ | ᠬᠡᠲᠦ ᠶᠢᠨ ᠲᠥᠯᠥᠪ ᠥᠷᠭᠡᠨ ᠠᠭᠤᠳᠠᠮ ᠪᠠᠶᠢᠨ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠤᠳ ᠣᠷᠳᠣᠰ ᠲᠤ ᠢᠷᠡᠵᠤ ᠪᠠᠶᠢᠷᠢᠯᠠᠭᠤᠯᠵᠤ᠂ ︽ᠨᠢᠭᠡ ᠬᠡᠰᠡᠭ | ᠨᠡᠭᠦᠷᠡᠰᠦ︾ ᠠᠴᠠ ︽ᠨᠢᠭᠡ ᠲᠣᠯᠣᠭᠠᠢ ᠪᠥᠰ︾ ᠪᠣᠯᠭᠠᠨ ᠥᠷᠲᠡᠭ ᠨᠡᠮᠡᠭᠳᠡᠭᠦᠯᠦᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠬᠤ ᠶᠢ ᠴᠢᠩ ᠰᠡᠳᠬᠢᠯ ᠠᠴᠠ | ᠤᠷᠢᠵᠤ ᠪᠠᠶᠢᠬᠤ ᠪᠠᠨ ᠢᠯᠡᠷᠬᠡᠶᠢᠯᠡᠪᠡ᠃ | ᠢᠦᠢ ᠬᠠᠢ ᠢᠦᠢ ᠪᠠᠰᠠ ᠰᠢᠶᠠᠮᠧᠨ ᠳᠤ ᠶᠠᠪᠤᠭᠳᠠᠭᠰᠠᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠪᠠ᠃ ᠲᠡᠷᠡ᠂ ᠣᠷᠳᠣᠰ ᠬᠤᠳᠠ ᠡᠯᠪᠡᠭ ᠳᠡᠯᠪᠡᠭ ᠡᠬᠢ ᠪᠠᠶᠠᠯᠢᠭ᠂ ᠣᠯᠠᠨ ᠡᠰᠢᠵᠢᠭᠰᠡᠨ ᠠᠵᠤ ᠦᠢᠯᠡᠰ ᠪᠠ ᠳᠠᠭᠠᠯᠠᠮᠵᠢᠲᠠᠢ ᠣᠷᠣᠰᠢᠨ ᠰᠠᠭᠤᠬᠤ ᠨᠥᠬᠦᠴᠡᠯ | ᠲᠠᠢ ᠪᠠᠶᠢᠵᠤ᠂ ᠴᠢᠬᠤᠯᠠ ᠡᠨᠧᠷᠭᠢ ᠶᠢᠨ ᠰᠠᠭᠤᠷᠢᠨ ᠭᠠᠵᠠᠷ᠂ ᠠᠮᠢ ᠠᠬᠤᠢ ᠶᠢᠨ ᠬᠤᠳᠠ ᠪᠠ ᠰᠢᠨ᠎ᠡ ᠶᠢ ᠡᠭᠦᠳᠬᠦ ᠥᠨᠳᠦᠷᠯᠢᠭ ᠭᠠᠵᠠᠷ ᠪᠣᠯᠣᠨ᠎ᠠ᠃ ᠣᠳᠣᠬᠠᠨ ᠳᠤ᠂ | ᠪᠣᠬᠢᠷᠲᠤᠯ ᠦᠭᠡᠢ ᠴᠠᠬᠢᠯᠭᠠᠨ ᠢᠶᠠᠷ ᠬᠦᠴᠦᠨ ᠨᠡᠮᠡᠷᠢᠯᠡᠬᠦ ᠵᠡᠷᠭᠡ ᠣᠯᠠᠨ ᠳᠠᠪᠬᠤᠷ ᠳᠠᠪᠠᠭᠤᠯᠢᠭ ᠲᠤ ᠲᠦᠰᠢᠭᠯᠡᠨ᠂ ᠡᠨᠧᠷᠭᠢ᠂ ᠣᠲᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠢᠮᠠᠭᠠᠨ ᠨᠣᠯᠦᠦᠷ ᠵᠡᠷᠭᠡ ᠳᠡᠯᠡᠬᠡᠢ ᠶᠢᠨ ᠲᠠᠰ ᠤᠨ ᠳᠥᠷᠪᠡᠨ ᠠᠵᠤ ᠦᠢᠯᠡᠰ ᠢ | ᠲᠦᠷᠭᠡᠳᠬᠡᠨ ᠪᠠᠶᠢᠭᠤᠯᠵᠤ᠂ ᠪᠣᠬᠢᠷᠲᠤᠯ ᠦᠭᠡᠢ ᠣᠶᠤᠨᠴᠢ ᠪᠣᠳᠣᠯᠭ᠎ᠠ᠂ ᠣᠶᠢᠷ᠎ᠠ ᠣᠭᠲᠠᠷᠭᠤᠢ ᠶᠢᠨ ᠠᠵᠤ ᠠᠬᠤᠢ᠂ ᠭᠠᠳᠠᠭᠠᠳᠤ ᠠᠷᠠᠯᠵᠢᠶᠠᠨ ᠤ ᠡᠳ᠋ᠰᠢᠭᠦᠯᠭᠡ ᠵᠡᠷᠭᠡ | ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ ᠪᠣᠢ᠂ ᠡᠯ᠎ᠡ ᠲᠣᠮᠣ ᠠᠵᠤ ᠠᠬᠤᠶᠢᠯᠠᠯ ᠢ ᠣᠷᠳᠣᠰ ᠲᠤ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠴᠢᠩ | ᠰᠡᠳᠬᠢᠯ ᠠᠴᠠ ᠪᠠᠨ ᠤᠷᠢᠵᠤ ᠪᠠᠶᠢᠬᠤ ᠪᠠᠨ ᠢᠯᠡᠳᠬᠡᠪᠡ᠃ ᠰᠢᠨ ᠹᠦ᠋ ᠰᠢᠩ ᠰᠢᠯ᠂ ᠯᠦᠩ ᠵᠢᠩ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ 30 ᠠᠵᠢᠯ | ᠲᠦᠷᠦᠯ ᠤᠨ ᠭᠤᠣᠯᠯᠠᠬᠤ ᠠᠵᠤ ᠠᠬᠤᠶᠢᠯᠠᠯ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ | ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃ | | | | | | | | | | | | | | | | | | | | | | | | | | | | | | | | | |