ᠣᠶᠢᠷ᠎ᠠ ᠶᠢᠨ ᠡᠳᠦᠷ᠂ ᠬᠤᠲᠠ ᠶᠢᠨ ᠵᠠᠰᠠᠭ ᠤᠨ ᠣᠷᠳᠣᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ︵ᠥᠷᠭᠡᠳᠬᠡᠭᠰᠡᠨ︶ ᠵᠢᠴᠢ ᠴᠢᠬᠡᠴᠢ ᠵᠠᠰᠠᠭ ᠤᠨ | ᠠᠵᠢᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠷᠠᠯ ᠳᠤ | ᠣᠷᠣᠯᠴᠠᠭᠰᠠᠨ ᠤ ᠬᠠᠮᠲᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠺᠦᠩ ᠹᠠᠨ ᠹᠧᠢ ᠤᠷᠢᠯᠭ᠎ᠠ ᠪᠠᠷ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ ᠬᠤᠷᠠᠯ ᠢ ᠡᠷᠭᠢᠯᠡᠵᠦ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠦᠷᠢᠯᠳᠦᠭᠦᠨ ᠨᠠᠷ ᠬᠤᠷᠠᠯ ᠳᠤ ᠣᠷᠣᠯᠴᠠᠪᠠ᠃ | ᠬᠤᠷᠠᠯ ᠳᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠲᠣᠰ ᠲᠣᠰ ᠶᠠᠷᠢᠶ᠎ᠠ ᠲᠠᠯᠪᠢᠪᠠ᠃ | ᠢᠦᠢ ᠬᠠᠢ ᠢᠦᠢ᠂ ᠪᠦᠬᠦ ᠬᠤᠳᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ᠂ ︽ᠭᠤᠷᠪᠠᠨ | ᠳᠥᠷᠪᠡ︾ ᠶᠢᠨ ᠠᠵᠢᠯ ᠤᠨ ᠡᠭᠦᠷᠭᠡ ᠶᠢ ᠠᠬᠢᠭᠤᠯᠬᠤ ᠲᠠᠯ᠎ᠠ ᠪᠠᠷ ᠨᠡᠩ ᠴᠢᠩᠭ᠎ᠠ ᠬᠠᠷᠢᠭᠤᠴᠠᠯᠭ᠎ᠠ ᠶᠢ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃ ᠰᠢᠨ᠎ᠡ ᠵᠠᠮ ᠢ | ᠨᠡᠭᠡᠭᠡᠵᠤ᠂ ᠡᠮᠦᠨ᠎ᠡ ᠡᠩᠨᠡᠭᠡᠨ ᠳᠤ ᠣᠷᠣᠬᠤ ᠳᠤ ᠬᠠᠷᠠᠭᠠᠯᠠᠨ᠂ ᠪᠦᠬᠦ ᠲᠠᠯ᠎ᠠ ᠪᠠᠷ ᠭᠤᠣᠯᠳᠠᠯᠭ᠎ᠠ ᠶᠢ ᠠᠳᠬᠤᠵᠤ᠂ ᠳᠠᠪᠠᠭᠤᠯᠢᠭ ᠢ ᠨᠡᠮᠡᠭᠳᠡᠭᠦᠯᠦᠨ᠂ ᠴᠢᠳᠠᠪᠤᠷᠢᠲᠠᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠵᠠᠮ ᠢ ᠲᠦᠷᠭᠡᠳᠬᠡᠨ ᠨᠡᠭᠡᠭᠡᠵᠦ᠂ ᠴᠢᠨᠠᠷ ᠰᠠᠶᠢᠲᠠᠢ ᠬᠥᠭᠵᠢᠯᠲᠡ᠂ ᠴᠢᠨᠠᠷ ᠲᠡᠰ ᠪᠦᠬᠦᠢ | ᠠᠮᠢᠳᠤᠷᠠᠯ ᠢ ᠠᠬᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠲᠦᠷᠦᠭᠦᠯᠡᠵᠦ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠵᠠᠰᠠᠭ ᠤᠨ | ᠣᠷᠳᠣᠨ ᠤ ᠠᠵᠢᠯ ᠤᠨ ᠪᠦᠬᠦ ᠲᠠᠯ᠎ᠠ ᠪᠠᠷ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠴᠢᠨᠠᠷᠵᠢᠯ ᠢ ᠳᠡᠭᠡᠭᠰᠢᠯᠡᠭᠦᠯᠬᠦ᠂ ᠦᠷ᠎ᠡ ᠠᠰᠢᠭ ᠢ | ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ᠦᠵᠡᠯ ᠰᠠᠨᠠᠭ᠎ᠠ᠂ ᠦᠷ᠎ᠡ ᠪᠦᠲᠦᠮᠵᠢ᠂ ᠴᠢᠳᠠᠪᠤᠷᠢ᠂ ᠠᠷᠭ᠎ᠠ᠂ ᠰᠤᠷᠲᠠᠯ ᠢ ᠬᠤᠪᠢᠷᠠᠭᠤᠯᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠭᠦᠢᠴᠡᠳᠭᠡᠭᠴᠢ᠂ ᠦᠢᠯᠡᠳᠦᠯᠭᠡᠵᠢᠭᠦᠯᠦᠭᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠢᠦᠢ ᠬᠠᠢ ᠢᠦᠢ᠂ ᠡᠯ᠎ᠡ ᠱᠠᠲᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠣᠯᠣᠨ ᠡᠯ᠎ᠡ ᠰᠠᠯᠠᠭ᠎ᠠ ᠮᠥᠴᠢᠷ ᠤᠨ ᠨᠠᠮ ᠤᠨ | ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠬᠦ ᠬᠠᠮᠵᠢᠯᠴᠠᠭᠤᠯᠬᠤ ᠲᠣᠭᠲᠠᠴᠠ ᠶᠢᠨ ᠦᠢᠯᠡᠳᠦᠯ ᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ᠂ ᠭᠤᠣᠯᠳᠠᠯᠭ᠎ᠠ ᠲᠠᠢ ᠭᠤᠭᠴᠤᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ | ᠲᠥᠪ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠢ ᠦᠷᠭᠦᠯᠵᠢᠯᠡᠨ ᠠᠬᠢᠭᠤᠯᠵᠤ᠂ ︽ᠳᠠᠷᠤᠭᠠᠰᠤ ᠶᠢ ᠬᠥᠩᠭᠡᠷᠡᠭᠦᠯᠬᠦ᠂ ᠴᠢᠳᠠᠪᠬᠢ ᠣᠯᠭᠤᠬᠤ᠂ ᠬᠦᠴᠢᠷᠳᠡᠯ ᠢ | ᠰᠢᠢᠳᠪᠦᠷᠢᠯᠡᠬᠦ᠂ ᠬᠠᠯᠠᠨ ᠰᠠᠶᠢᠵᠢᠷᠠᠭᠤᠯᠬᠤ᠂ ᠱᠠᠯᠠᠪᠳᠠᠭᠤᠯᠬᠤ︾ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠥᠷᠭᠡᠨ ᠤᠯᠠᠨ ᠺᠠᠳ᠋ᠷ ᠢ ᠬᠥᠲᠥᠯᠥᠨ | ᠵᠢᠯᠤᠭᠤᠳᠴᠤ ᠪᠠᠶᠢᠭᠠᠳ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨ ᠬᠦ ᠠᠳᠬᠤᠵᠤ | ᠪᠣᠳᠠᠲᠠᠢ ᠠᠵᠢᠯᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠨᠢ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃ | | |