ᠣᠶᠢᠷ᠎ᠠ ᠶᠢᠨ ᠡᠳᠦᠷ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ | ᠵᠢᠴᠢ ᠦᠶᠡᠷ ᠢ ᠰᠠᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ ᠢᠦᠢ ᠬᠠᠢ ᠢᠦᠢ ᠬᠤᠷᠠᠯ ᠳᠤ ᠣᠷᠣᠯᠴᠠᠭᠰᠠᠨ ᠤ ᠬᠠᠮᠲᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ ᠬᠤᠷᠠᠯ ᠢ ᠡᠷᠭᠢᠯᠡᠵᠦ᠂ ᠬᠤᠲᠠ ᠶᠢᠨ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ᠃ | ᠬᠤᠷᠠᠯ ᠠᠴᠠ ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ | ᠨᠠᠮ ᠤᠨ ᠬᠤᠷᠢᠶ᠎ᠠ ᠶᠢᠨ ᠱᠦᠵᠢ ᠯᠢ ᠯᠢ ᠶᠢᠨ ᠴᠣᠬᠤᠯᠠᠪᠤᠷᠢ ᠵᠢᠴᠢ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ᠂ ᠬᠤᠳᠠ ᠶᠢᠨ ᠪᠠᠴᠢᠮ | ᠪᠠᠶᠢᠳᠠᠯ ᠢ ᠠᠷᠭᠠᠴᠠᠭᠠᠬᠤ᠂ ᠴᠠᠭ ᠠᠭᠤᠷ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠢ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠨ ᠬᠢᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠤ ᠬᠠᠮᠲᠤ ︽ᠠᠰᠠᠭᠤᠳᠠᠯ ᠤᠨ | ᠳᠠᠯᠳᠠ ᠭᠡᠮ ᠨᠢ ᠬᠠᠮᠢᠭ᠎ᠠ ᠪᠠᠶᠢᠬᠤ︾᠂ ︽ᠬᠡᠷᠬᠢᠨ ᠰᠢᠢᠳᠪᠦᠷᠢᠯᠡᠬᠦ︾ ᠲᠣᠭᠤᠷᠢᠨ ᠳᠤ ᠠᠵᠢᠯ ᠤᠨ ᠰᠠᠨᠠᠭᠤᠯᠭ᠎ᠠ ᠳᠤᠷᠠᠳᠪᠠ᠃ | ᠡᠨᠡ ᠵᠢᠯ ᠠᠴᠠ ᠨᠠᠭᠠᠰᠢ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠢᠦᠢ ᠬᠠᠢ ᠢᠦᠢ | ᠤᠯᠠᠨ ᠤ ᠴᠢᠷᠮᠠᠶᠢᠯᠭ᠎ᠠ ᠪᠣᠯᠣᠨ ᠠᠮᠵᠢᠯᠲᠠ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠠᠮᠵᠢᠯᠲᠠ ᠪᠣᠯ ᠥᠩᠭᠡᠷᠡᠭᠰᠡᠨ ᠤ ᠬᠢ ᠶᠤᠮ᠂ ᠠᠶᠤᠯᠭᠦᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠡᠷᠬᠡᠪᠰᠢ ᠥᠴᠥᠬᠡᠨ ᠴᠦ ᠰᠤᠯᠠᠷᠠᠭᠤᠯᠵᠤ ᠪᠣᠯᠬᠤ ᠦᠭᠡᠢ᠂ ᠥᠴᠥᠬᠡᠨ ᠴᠦ ᠴᠠᠯᠠᠭᠠᠶᠢᠷᠠᠵᠤ ᠪᠣᠯᠬᠤ ᠦᠭᠡᠢ᠂ | ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠵᠤ᠂ ᠠᠵᠢᠯ ᠤᠨ ᠳᠤᠲᠠᠭᠤᠳᠠᠯ ᠢ ᠡᠷᠢᠵᠦ ᠨᠥᠬᠦᠪᠦᠷᠢᠯᠡᠨ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ | ᠱᠤᠭᠤᠮ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠡᠯ᠎ᠡ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠪᠠ ᠥᠪᠡᠷ ᠤᠨ | ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠭᠡᠮ ᠢ ᠴᠢᠩᠭ᠎ᠠ ᠮᠥᠷᠲᠡᠭᠡᠨ ᠲᠦᠷᠭᠡᠨ ᠴᠡᠭᠴᠡᠯᠡᠨ ᠵᠠᠰᠠᠵᠤ᠂ ᠠᠭᠤᠷᠬᠠᠢ᠂ ᠠᠶᠤᠯᠲᠠᠢ ᠬᠢᠮᠢ ᠶᠢᠨ | ᠠᠵᠤ ᠦᠢᠯᠡᠳᠪᠦᠷᠢ᠂ ᠭᠠᠯ ᠰᠡᠷᠭᠡᠶᠢᠯᠡᠵᠦ ᠤᠨᠲᠠᠷᠠᠭᠠᠬᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠰᠣᠶᠣᠯ | ᠵᠤᠭᠠᠴᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢ ᠰᠠᠶᠢᠲᠤᠷ | ᠠᠳᠬᠤᠵᠤ᠂ ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠦᠷ᠎ᠡ ᠪᠦᠲᠦᠮᠵᠢ ᠶᠢ ᠲᠠᠰᠤᠷᠠᠯᠳᠡ ᠦᠭᠡᠢ | ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠪᠡ᠃ | ᠢᠦᠢ ᠬᠠᠢ ᠢᠦᠢ᠂ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠲᠠᠢ ᠨᠢᠭᠲᠠ ᠤᠶᠠᠯᠳᠤᠭᠤᠯᠤᠨ᠂ ᠪᠡᠯᠡᠳᠬᠡᠯ ᠢᠶᠠᠨ | ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠤᠬᠠᠭᠤᠯᠭ᠎ᠠ | ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠨ᠂ ᠬᠥᠮᠥᠨ ᠬᠠᠷ᠎ᠠ ᠦᠬᠦᠵᠦ | ᠰᠢᠷᠬᠠᠲᠤᠬᠤ ᠶᠢ ᠡᠷᠡᠰ ᠬᠤᠷᠢᠭᠯᠠᠬᠤ ᠬᠡᠷᠡᠭᠲᠡᠢ᠃ ᠢᠨᠵᠧᠨᠧᠷᠢᠩ ᠤᠨ ᠴᠢᠨᠠᠷᠲᠠᠢ᠂ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠭ᠎ᠠ ᠬᠡᠮᠵᠢᠶ᠎ᠡ ᠶᠢ ᠴᠢᠩᠭᠠᠳᠬᠠᠵᠤ᠂ | ᠬᠤᠲᠠ ᠬᠤᠰᠢᠭᠤ ᠱᠠᠲᠤ ᠬᠤᠪᠢᠶᠠᠨ ᠬᠠᠷᠢᠭᠤᠴᠠᠵᠤ᠂ ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠦᠶᠡᠷ ᠤᠨ ᠬᠤᠭᠤᠴᠠᠭ᠎ᠠ | ᠬᠦᠷᠴᠦ ᠢᠷᠡᠬᠦ ᠠᠴᠠ ᠡᠮᠦᠨ᠎ᠡ ᠳᠤᠲᠠᠭᠤᠳᠠᠯ ᠢᠶᠠᠨ ᠨᠥᠬᠦᠪᠦᠷᠢᠯᠡᠵᠦ᠂ ᠠᠯᠳᠠᠰᠢ ᠭᠠᠷᠬᠤ ᠶᠢ ᠬᠤᠷᠢᠭᠯᠠᠨ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ | ᠲᠣᠭᠲᠠᠭᠤᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠷᠢᠶᠠᠯᠠᠭ᠎ᠠ ᠶᠢᠨ ᠴᠠᠭ ᠢ ᠵᠠᠪᠳᠤᠵᠤ᠂ ᠴᠢᠭᠢᠭ ᠤᠨ ᠪᠠᠶᠢᠳᠠᠯ ᠳᠤ ᠵᠣᠬᠢᠴᠠᠭᠤᠯᠤᠨ᠂ | ᠣᠷᠣᠨ ᠬᠤᠪᠢᠶᠠᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠡᠮᠬᠢ ᠲᠢᠭᠯᠢᠮ ᠲᠠᠢ ᠶᠠᠪᠤᠭᠳᠠᠬᠤ ᠶᠢ ᠦᠨᠡᠨ ᠬᠦ | ᠪᠠᠲᠤᠯᠠᠬᠤ ᠬᠡᠷᠡᠭᠲᠡᠢ ᠭᠡᠪᠡ᠃ | ᠢᠦᠢ ᠬᠠᠢ ᠢᠦᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢ ᠴᠢᠩᠭ᠎ᠠ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠱᠠᠲᠤ ᠳᠠᠷᠠᠭᠠᠯᠠᠨ | ᠪᠣᠳᠠᠲᠠᠶᠢᠵᠢᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠰᠠᠭᠤᠳᠠᠯ ᠢ ᠰᠢᠢᠳᠪᠦᠷᠢᠯᠡᠵᠦ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠴᠢᠨᠠᠷᠵᠢᠯ | ᠦᠷ᠎ᠡ ᠠᠰᠢᠭ ᠪᠣᠯᠣᠨ ᠲᠤᠰᠬᠠᠶᠢᠵᠢᠭᠰᠠᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠠᠷ | ᠨᠠᠶᠢᠳᠠᠪᠤᠷᠢᠵᠢᠭᠤᠯᠤᠨ᠂ ᠲᠣᠭᠲᠠᠭᠤᠨ᠂ ᠠᠮᠤᠷ ᠲᠦᠪᠰᠢᠨ᠂ ᠡᠮᠬᠢ ᠳᠢᠭᠯᠢᠮ ᠲᠠᠢ ᠬᠥᠭᠵᠢᠯᠲᠡ ᠶᠢᠨ ᠣᠷᠴᠢᠨ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ | ᠬᠡᠷᠡᠭᠲᠡᠢ ᠭᠡᠪᠡ᠃ | | | |