ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠠ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠴᠢ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/22
     ᠣᠶᠢᠷ᠎ᠠ ᠶᠢᠨ ᠡᠳᠦᠷ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠴᠢ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠎ ᠶᠢᠨ ᠳᠡᠳ᠋ ᠳᠠᠷᠤᠭ᠎ᠠ ᠯᠢᠦ ᠹᠧᠩ ᠶᠦᠨ ᠬᠤᠷᠠᠯ ᠢ ᠡᠷᠭᠢᠯᠡᠵᠦ᠂ ᠬᠤᠲᠠ ᠶᠢᠨ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ᠃      ᠬᠤᠷᠠᠯ ᠠᠴᠠ ᠪᠦᠬᠦ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠶᠢᠨ ᠴᠣᠬᠤᠯᠠᠪᠤᠷᠢ ᠵᠢᠴᠢ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ᠂ ᠴᠠᠭ ᠠᠭᠤᠷ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠢ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠨ ᠬᠢᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠤ ᠬᠠᠮᠲᠤ ︽ᠠᠰᠠᠭᠤᠳᠠᠯ ᠤᠨ ᠳᠠᠯᠳᠠ ᠭᠡᠮ ᠨᠢ ᠬᠠᠮᠢᠭ᠎ᠠ ᠪᠠᠶᠢᠬᠤ︾᠂ ︽ᠬᠡᠷᠬᠢᠨ ᠰᠢᠢᠳᠪᠦᠷᠢᠯᠡᠬᠦ︾ ᠵᠡᠷᠭᠡ ᠶᠢᠨ ᠲᠣᠭᠤᠷᠢᠨ ᠳᠤ ᠠᠵᠢᠯ ᠤᠨ ᠰᠠᠨᠠᠭᠤᠯᠭ᠎ᠠ ᠳᠤᠷᠠᠳᠴᠠᠢ᠃      ᠡᠨᠡ ᠵᠢᠯ ᠠᠴᠠ ᠨᠠᠭᠠᠰᠢ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠢᠦᠢ ᠬᠠᠢ ᠢᠦᠢ ᠤᠯᠠᠨ ᠤ ᠴᠢᠷᠮᠠᠶᠢᠯᠭ᠎ᠠ ᠪᠣᠯᠣᠨ ᠠᠮᠵᠢᠯᠲᠠ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠠᠮᠵᠢᠯᠲᠠ ᠪᠣᠯ ᠥᠩᠭᠡᠷᠡᠭᠰᠡᠨ ᠤ ᠬᠢ ᠶᠤᠮ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠡᠷᠬᠡᠪᠰᠢ ᠥᠴᠥᠬᠡᠨ ᠴᠦ ᠰᠤᠯᠠᠷᠠᠭᠤᠯᠵᠤ ᠪᠣᠯᠬᠤ ᠦᠭᠡᠢ᠂ ᠥᠴᠥᠬᠡᠨ ᠴᠦ ᠴᠠᠯᠠᠭᠠᠶᠢᠷᠠᠵᠤ ᠪᠣᠯᠬᠤ ᠦᠭᠡᠢ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠵᠤ᠂ ᠠᠵᠢᠯ ᠤᠨ ᠳᠤᠲᠠᠭᠤᠳᠠᠯ ᠢ ᠡᠷᠢᠵᠦ ᠨᠥᠬᠦᠪᠦᠷᠢᠯᠡᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠡᠯ᠎ᠡ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠪᠠ ᠥᠪᠡᠷ ᠤᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠭᠡᠮ ᠢ ᠴᠢᠩᠭ᠎ᠠ ᠮᠥᠷᠲᠡᠭᠡᠨ ᠲᠦᠷᠭᠡᠨ ᠴᠡᠭᠴᠡᠯᠡᠨ ᠵᠠᠰᠠᠵᠤ᠂ ᠠᠭᠤᠷᠬᠠᠢ᠂ ᠠᠶᠤᠯᠲᠠᠢ ᠬᠢᠮᠢ ᠶᠢᠨ ᠠᠵᠤ ᠦᠢᠯᠡᠳᠪᠦᠷᠢ᠂ ᠭᠠᠯ ᠰᠡᠷᠭᠡᠶᠢᠯᠡᠵᠦ ᠤᠨᠲᠠᠷᠠᠭᠠᠬᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠰᠣᠶᠣᠯ ᠵᠤᠭᠠᠴᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠦᠷ᠎ᠡ ᠪᠦᠲᠦᠮᠵᠢ ᠶᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠪᠡ᠃      ᠢᠦᠢ ᠬᠠᠢ ᠢᠦᠢ᠂ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠲᠠᠢ ᠨᠢᠭᠲᠠ ᠤᠶᠠᠯᠳᠤᠭᠤᠯᠵᠤ᠂ ᠪᠡᠯᠡᠳᠬᠡᠯ ᠢᠶᠠᠨ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠴᠢᠩᠭᠠᠳᠬᠠᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠶᠢ ᠡᠷᠡᠰ ᠬᠤᠷᠢᠭᠯᠠᠬᠤ ᠬᠡᠷᠡᠭᠲᠡᠢ᠃ ᠢᠨᠵᠧᠨᠧᠷᠢᠩ ᠤᠨ ᠴᠢᠨᠠᠷᠲᠠᠢ᠂ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠤᠲᠠ ᠬᠤᠰᠢᠭᠤ ᠲᠣᠭᠤᠷᠢᠭ ᠱᠠᠲᠤ ᠬᠤᠪᠢᠶᠠᠨ ᠬᠠᠷᠢᠭᠤᠴᠠᠵᠤ᠂ ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠦᠶᠡᠷ ᠤᠨ ᠬᠤᠭᠤᠴᠠᠭ᠎ᠠ ᠬᠦᠷᠴᠦ ᠢᠷᠡᠬᠦ ᠠᠴᠠ ᠡᠮᠦᠨ᠎ᠡ ᠳᠤᠲᠠᠭᠤᠳᠠᠯ ᠢᠶᠠᠨ ᠨᠥᠬᠦᠪᠦᠷᠢᠯᠡᠵᠦ᠂ ᠠᠯᠳᠠᠰᠢ ᠭᠠᠷᠬᠤ ᠶᠢ ᠬᠤᠷᠢᠭᠯᠠᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠲᠣᠭᠲᠠᠭᠤᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠠᠷᠢᠶᠠᠯᠠᠭ᠎ᠠ ᠶᠢᠨ ᠴᠠᠭ ᠢ ᠵᠠᠪᠳᠤᠵᠤ᠂ ᠴᠢᠭᠢᠭ ᠤᠨ ᠪᠠᠶᠢᠳᠠᠯ ᠳᠤ ᠵᠣᠬᠢᠴᠠᠭᠤᠯᠵᠤ᠂ ᠣᠷᠣᠨ ᠬᠤᠪᠢᠶᠠᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠡᠮᠬᠢ ᠲᠢᠭᠯᠢᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃      ᠢᠦᠢ ᠬᠠᠢ ᠢᠦᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢ ᠴᠢᠩᠭ᠎ᠠ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠰᠠᠭᠤᠳᠠᠯ ᠢ ᠰᠢᠢᠳᠪᠦᠷᠢᠯᠡᠵᠦ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠴᠢᠨᠠᠷᠵᠢᠯ ᠦᠷ᠎ᠡ ᠠᠰᠢᠭ ᠪᠣᠯᠣᠨ ᠲᠤᠰᠬᠠᠶᠢᠵᠢᠭᠰᠠᠨ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠵᠤ᠂ ᠲᠣᠭᠲᠠᠭᠤᠨ᠂ ᠠᠮᠤᠷ ᠲᠦᠪᠰᠢᠨ᠂ ᠡᠮᠬᠢ ᠳᠢᠭᠯᠢᠮ ᠲᠠᠢ ᠬᠥᠭᠵᠢᠯᠲᠡ ᠶᠢᠨ ᠣᠷᠴᠢᠨ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠪᠡ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ