2025 ᠣᠨ ᠤ ᠨᠢᠭᠡᠳᠦᠭᠡᠷ ᠤᠯᠠᠷᠢᠯ ᠳᠤ ᠣᠷᠳᠣᠰ ᠬᠤᠲᠠ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠲᠣᠭᠲᠠᠭᠤᠨ ᠢᠶᠠᠷ ᠰᠠᠶᠢᠨ ᠰᠠᠶᠢᠬᠠᠨ ᠬᠠᠨᠳᠤᠰᠢ ᠵᠦᠭ ᠬᠥᠭᠵᠢᠵᠦ ᠪᠠᠶᠢᠨ᠎ᠠ
ᠨᠡᠶᠢᠲᠡᠯᠡᠭᠰᠡᠨ ᠴᠠᠭ᠄
2025/4/27
      ᠡᠨᠡ ᠵᠢᠯ ᠠᠴᠠ ᠨᠠᠰᠢ᠂ ᠪᠦᠬᠦ ᠬᠤᠲᠠ ᠪᠠᠷ ᠢᠶᠠᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠪᠠᠷ ᠡᠯ᠎ᠡ ᠵᠦᠢᠯ ᠤᠨ ᠡᠭᠦᠷᠭᠡ ᠶᠢᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠎ ᠶᠢ ᠯᠠᠪᠳᠠᠭᠤᠨ ᠪᠠᠲᠤᠲᠠᠢ ᠥᠷᠨᠢᠭᠦᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠭᠤᠣᠯᠯᠠᠬᠤ ᠠᠵᠤ ᠠᠬᠤᠢ ᠶᠢᠨ ᠭᠦᠢᠴᠡᠳᠬᠡᠯ ᠲᠤᠭ᠎ᠠ ᠵᠢᠱᠢᠭᠰᠡᠨ ᠠᠴᠠ ᠰᠠᠶᠢᠨ ᠪᠠᠶᠢᠵᠤ᠂ ᠠᠵᠤ ᠠᠬᠤᠢ ᠶᠢᠨ ᠠᠵᠢᠯᠯᠠᠭ᠎ᠠ ᠶᠢ ᠶᠡᠷᠦᠩᠬᠡᠢ ᠳᠡᠭᠡᠨ ᠲᠣᠭᠲᠠᠭᠤᠨ ᠪᠥᠭᠡᠳ ᠡᠷᠴᠢᠮ ᠲᠠᠢ ᠡᠬᠢᠯᠡᠭᠦᠯᠪᠡ᠃      ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2025 ᠣᠨ ᠤ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1399.7 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.0%᠎ ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 4.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1%᠎ ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 967.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 427.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2%᠎ ᠪᠠᠷ ᠨᠡᠮᠡᠭᠳᠡᠪᠡ᠃       ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠰᠠᠶᠢᠨ ᠢᠶᠠᠷ ᠡᠬᠢᠯᠡᠵᠦ᠂ ᠲᠠᠪᠤᠨ ᠶᠡᠭᠡ ᠠᠵᠢᠯ ᠲᠦᠷᠦᠯ ᠤᠨ ᠠᠵᠤ ᠠᠬᠤᠢ ᠶᠢᠨ ᠦᠢᠯᠡᠳᠬᠦᠨ ᠤ ᠥᠷᠲᠡᠭ ᠪᠦᠬᠦ ᠲᠠᠯ᠎ᠠ ᠪᠠᠷ ᠨᠡᠮᠡᠭᠳᠡᠪᠡ       ᠨᠢᠭᠡᠳᠦᠭᠡᠷ ᠤᠯᠠᠷᠢᠯ ᠳᠤ᠂ ᠪᠦᠬᠦ ᠬᠤᠳᠠ ᠶᠢᠨ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠦᠷᠳᠡᠭ 9.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0%᠎ ᠢᠶᠠᠷ ᠨᠡᠮᠡᠭᠳᠡᠪᠡ᠃ ᠡᠭᠦᠨ ᠳᠤ᠂ ᠲᠠᠷᠢᠶᠠᠯᠠᠩ ᠤᠨ ᠦᠢᠯᠡᠳᠬᠦᠨ ᠤ ᠥᠷᠲᠡᠭ 0.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.5%᠎ ᠪᠠᠷ ᠨᠡᠮᠡᠭᠳᠡᠪᠡ︔ ᠣᠶ ᠰᠢᠭᠤᠢ ᠶᠢᠨ ᠦᠢᠯᠡᠰ ᠤᠨ ᠦᠢᠯᠡᠳᠬᠦᠨ ᠤ ᠥᠷᠲᠡᠭ 1.2 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0%᠎ ᠪᠠᠷ ᠨᠡᠮᠡᠭᠳᠡᠪᠡ︔ ᠮᠠᠯ ᠠᠵᠤ ᠠᠬᠤᠢ ᠶᠢᠨ ᠦᠢᠯᠡᠳᠬᠦᠨ ᠤ ᠦᠷᠳᠡᠭ 5.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠪᠡ︔ ᠵᠢᠭᠠᠰᠤᠨ ᠠᠵᠤ ᠠᠬᠤᠢ ᠶᠢᠨ ᠦᠢᠯᠡᠳᠬᠦᠨ ᠤ ᠥᠷᠲᠡᠭ 0.3 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5%᠎ ᠪᠠᠷ ᠨᠡᠮᠡᠭᠳᠡᠪᠡ︔ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠲᠤᠰᠬᠠᠢ ᠮᠡᠷᠭᠡᠵᠢᠯ ᠵᠢᠴᠢ ᠲᠤᠰᠠᠯᠠᠬᠤ ᠴᠢᠨᠠᠷᠲᠠᠢ ᠠᠵᠢᠯᠯᠠᠭᠠᠨ ᠤ ᠦᠢᠯᠡᠰ 1.4 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.5%᠎ ᠪᠠᠷ ᠨᠡᠮᠡᠭᠳᠡᠪᠡ᠃       ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠰᠠᠶᠢᠨ ᠪᠠᠶᠢᠵᠤ᠂ ᠦᠢᠯᠡᠳᠬᠦ ᠦᠢᠯᠡᠰ ᠤᠨ ᠨᠡᠮᠡᠭᠳᠡᠯ ᠤᠨ ᠬᠠᠨᠳᠤᠰᠢ ᠴᠢᠩᠭᠠᠷᠠᠪᠠ       ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠎ ᠬᠢ ᠠᠴᠠ 7.4%᠎ ᠪᠠᠷ ᠨᠡᠮᠡᠭᠳᠡᠵᠦ᠂ 1 ︱ 2 ᠳ᠋ᠤᠭᠠᠷ ᠰᠠᠷ᠎ᠠ ᠶᠢᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 1.4 ᠳᠡᠭᠡᠭᠰᠢᠯᠡᠪᠡ᠃ ᠠᠭᠤᠷᠬᠠᠢ ᠮᠠᠯᠲᠠᠬᠤ ᠦᠢᠯᠡᠰ ᠨᠢ ᠨᠡᠮᠡᠭᠳᠡᠯ ᠢ ᠬᠥᠲᠥᠯᠥᠨ ᠳᠠᠭᠠᠭᠤᠯᠪᠠ᠃ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.2%᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠠᠬᠢ ᠡᠵᠡᠯᠡᠬᠦ ᠨᠣᠷᠮ᠎ᠠ ᠨᠢ 80.2% ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 5.2 ᠳᠠᠶᠢᠴᠢᠯᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 2.8 ᠥᠨᠳᠥᠷ ᠪᠣᠯᠪᠠ᠃ ᠦᠢᠯᠡᠳᠬᠦ ᠦᠢᠯᠡᠰ ᠤᠨ ᠠᠵᠢᠯ ᠲᠦᠷᠦᠯ ᠦᠷᠭᠦᠯᠵᠢᠯᠡᠨ ᠲᠦᠷᠭᠡᠨ ᠢᠶᠠᠷ ᠨᠡᠮᠡᠭᠳᠡᠪᠡ᠃ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20.7%᠎ ᠪᠠᠷ ᠨᠡᠮᠡᠭᠳᠡᠵᠦ᠂ 15 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠂ ᠡᠭᠦᠨ ᠳᠤ᠂ ᠮᠠᠰᠢᠨ ᠲᠡᠷᠭᠡ ᠦᠢᠯᠡᠳᠬᠦ ᠦᠢᠯᠡᠰ ᠪᠠ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 35.8% ᠪᠠ 31.8%᠎ ᠪᠠᠷ ᠨᠡᠮᠡᠭᠳᠡᠵᠦ᠂ ᠲᠣᠰ ᠲᠣᠰ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 0.6 ᠪᠠ 5.2 ᠳᠠᠶᠢᠴᠢᠯᠠᠪᠠ᠃ ᠭᠤᠣᠯᠯᠠᠬᠤ ᠦᠢᠯᠡᠳᠬᠦᠨ ᠤ ᠬᠠᠩᠭᠠᠯᠭ᠎ᠠ ᠲᠣᠭᠲᠠᠭᠤᠨ ᠪᠠᠶᠢᠨ᠎ᠠ ᠨᠡᠭᠦᠷᠡᠰᠦ᠂ ᠪᠠᠶᠢᠭᠠᠯᠢ ᠶᠢᠨ ᠰᠢᠲᠠᠮᠠᠬᠠᠢ ᠬᠡᠢ᠂ ᠴᠠᠬᠢᠯᠭᠠᠨ ᠭᠠᠷᠭᠠᠬᠤ ᠬᠡᠮᠵᠢᠶ᠎ᠡ ᠶᠢᠨ ᠭᠠᠷᠤᠯᠲᠠ ᠲᠣᠰ ᠲᠣᠰ 22341.7 ᠲᠦᠮᠡᠨ ᠲᠣᠨ᠂ 83.4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ 469.5 ᠳ᠋ᠦᠩᠰᠢᠭᠤᠷ ᠺᠢᠯᠣᠸᠠᠲ ᠴᠠᠭ ᠲᠤ ᠬᠥᠷᠪᠡ᠃ ᠲᠠᠩ ᠲᠠᠯᠠᠰᠲᠤ ᠴᠠᠬᠢᠭᠤᠷ᠂ ᠯᠢᠲ᠋ᠢ ᠢᠶᠤᠨ ᠤ ᠴᠠᠬᠢᠯᠭᠠᠨ ᠴᠡᠨᠡᠭ᠂ ᠮᠠᠰᠢᠨ ᠲᠡᠷᠭᠡ ᠵᠡᠷᠭᠡ ᠰᠢᠨ᠎ᠡ ᠦᠢᠯᠡᠳᠬᠦᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 173.0%᠂ 87.7%᠂ 38.6%᠎ ᠪᠠᠷ ᠨᠡᠮᠡᠭᠳᠡᠪᠡ᠃       ᠦᠢᠯᠡᠴᠢᠯᠡᠭᠡᠨ ᠤ ᠦᠢᠯᠡᠰ ᠤᠨ ᠠᠵᠢᠯᠯᠠᠭᠠᠨ ᠲᠣᠭᠲᠠᠭᠤᠨ ᠪᠠᠶᠢᠵᠤ ᠤᠯᠠᠮᠵᠢᠯᠠᠯᠲᠤ ᠠᠵᠢᠯ ᠲᠥᠷᠥᠯ ᠤᠨ ᠰᠠᠭᠤᠷᠢ ᠪᠠᠲᠤᠵᠢᠪᠠ       1 —2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 341 ᠪᠣᠯᠵᠤ᠂ ᠡᠵᠡᠩᠨᠡᠯᠲᠡ ᠶᠢᠨ ᠣᠷᠣᠯᠭ᠎ᠠ ᠶᠢ 77.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 5.2 ᠳ᠋ᠦᠩᠰᠢᠭᠤᠷ ᠲᠥᠭᠦᠷᠢᠭ ᠲᠤ ᠬᠥᠷᠪᠡ᠃ ᠠᠷᠪᠠᠨ ᠶᠡᠭᠡ ᠲᠦᠷᠦᠯ ᠳᠤ ︽ᠨᠠᠢᠮᠠ ᠨᠢ ᠳᠡᠭᠡᠭᠰᠢᠯᠡᠵᠦ ᠬᠤᠶᠠᠷ ᠨᠢ ᠪᠠᠭᠤᠷᠠᠪᠠ︾᠃ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ᠂ ᠰᠣᠶᠣᠯ ᠪᠡᠶ᠎ᠡ ᠲᠠᠮᠢᠷ ᠵᠤᠭ᠎ᠠ ᠴᠡᠩᠭᠡᠯ ᠤᠨ ᠦᠢᠯᠡᠰ ᠵᠡᠷᠭᠡ 8 ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠶᠢᠲᠡ 12.0 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.0% ᠨᠡᠮᠡᠭᠳᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠤᠷᠳᠤᠴᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 0.4 ᠳᠡᠭᠡᠭᠰᠢ ᠳᠠᠲᠠᠪᠠ᠃ ᠤᠯᠠᠮᠵᠢᠯᠠᠯᠲᠤ ᠠᠵᠢᠯ ᠲᠥᠷᠥᠯ ᠤᠨ ᠲᠤᠯᠭᠠᠭᠤᠷᠢᠯᠠᠯ ᠬᠦᠴᠦᠲᠡᠢ ᠪᠠᠶᠢᠨ᠎ᠠ᠃ ᠲᠡᠮᠦᠷ ᠵᠠᠮ ᠤᠨ ᠲᠡᠭᠡᠭᠡᠪᠦᠷᠢ ᠶᠢᠨ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠴᠠᠬᠢᠯᠭᠠᠨ ᠬᠤᠯᠪᠣᠭ᠎ᠠ᠂ ᠷᠠᠳᠢᠣ᠋ ᠲᠧᠯᠸᠢᠰ ᠪᠠ ᠳᠠᠭᠠᠭᠤᠯᠢ ᠣᠳᠣᠨ ᠤ ᠳᠠᠮᠵᠢᠭᠤᠯᠬᠤ ᠦᠢᠯᠡᠴᠢᠯᠡᠭᠡᠨ ᠤ ᠦᠢᠯᠡᠰ ᠵᠡᠷᠭᠡ ᠳᠥᠷᠪᠡᠨ ᠠᠵᠢᠯ ᠲᠥᠷᠥᠯ ᠤᠨ ᠡᠵᠡᠯᠡᠬᠦ ᠬᠠᠷᠢᠴᠠᠯ ᠨᠡᠯᠢᠶᠡᠳ ᠶᠡᠭᠡ ᠪᠠᠶᠢᠵᠤ᠂ ᠨᠡᠶᠢᠲᠡ 63.1 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠪᠥᠬᠦ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 78.7%᠎ ᠶᠢ ᠡᠵᠡᠯᠡᠪᠡ᠃       ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠳᠠᠶᠢᠴᠢᠯᠠᠯᠲᠠ ᠴᠢᠩᠭᠠᠷᠠᠪᠠ      ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.1%᠎ ᠪᠠᠷ ᠨᠡᠮᠡᠭᠳᠡᠵᠦ᠂ 1 ︱ 2 ᠳ᠋ᠤᠭᠠᠷ ᠰᠠᠷ᠎ᠠ ᠶᠢᠨ ᠬᠢ ᠡᠴᠡ‌ᠵᠠᠭᠤᠨ ᠤ ᠬᠤᠪᠢ ᠶᠢᠨ ᠬᠠᠷᠢᠴᠠᠯ ᠢᠶᠠᠷ 8.7 ᠲᠦᠷᠭᠡᠳᠪᠡ᠃ ᠭᠤᠷᠪᠠᠨ ᠠᠵᠤ ᠦᠢᠯᠡᠰ ᠵᠡᠷᠭᠡ ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠠᠷᠢᠴᠠᠯ ᠨᠢ 4.0:77.8:18.2 ᠪᠠᠶᠢᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 144.0%᠂ 12.3% ᠪᠠ 47.1%᠎ ᠪᠠᠷ ᠨᠡᠮᠡᠭᠳᠡᠵᠦ᠂ ᠲᠣᠰ ᠲᠣᠰ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 2.9᠂ 10.2 ᠪᠠ 7.0 ᠳᠠᠶᠢᠴᠢᠯᠠᠪᠠ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠪᠡ ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.4%᠎ ᠪᠠᠷ ᠨᠡᠮᠡᠭᠳᠡᠵᠦ᠂ ᠡᠭᠦᠨ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠎ ᠬᠢ ᠠᠴᠠ 8.7%  ᠨᠡᠮᠡᠭᠳᠡᠪᠡ︔ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 39.1%᠎ ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠳᠠᠬᠢ ᠡᠵᠡᠯᠡᠬᠦ ᠨᠣᠷᠮ᠎ᠠ ᠨᠢ 54.4% ᠪᠠᠶᠢᠵᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 14.3 ᠳᠠᠶᠢᠴᠢᠯᠠᠪᠠ᠃ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ᠂ ᠨᠡᠭᠡᠭᠡᠨ ᠮᠠᠯᠲᠠᠬᠤ ᠲᠤᠰᠬᠠᠢ ᠮᠡᠷᠭᠡᠵᠢᠯ ᠵᠢᠴᠢ ᠲᠤᠰᠠᠯᠠᠬᠤ ᠴᠢᠨᠠᠷᠲᠠᠢ ᠠᠵᠢᠯᠯᠠᠭᠠᠨ ᠤ ᠦᠢᠯᠡᠰ ᠪᠠ ᠨᠡᠬᠡᠮᠡᠯ ᠤᠨ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 3.7 ᠳᠠᠬᠢᠨ᠂ 8.3 ᠳᠠᠬᠢᠨ ᠪᠠ 9.2 ᠳᠠᠬᠢᠨ ᠨᠡᠮᠡᠭᠳᠡᠪᠡ᠃ ᠴᠢᠬᠤᠯᠠ ᠶᠡᠭᠡ ᠲᠥᠷᠥᠯ ᠵᠦᠢᠯ ᠤᠨ ᠳᠠᠶᠢᠴᠢᠯᠠᠯᠲᠠ ᠢᠯᠡᠳᠲᠡ ᠪᠣᠯᠪᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 15.8%᠎ ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠨᠣᠷᠮ᠎ᠠ ᠎ ᠨᠢ 84.3% ᠪᠠᠶᠢᠵᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 13.8 ᠳᠠᠶᠢᠴᠢᠯᠠᠪᠠ᠃ ᠡᠭᠦᠨ ᠳᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ︵ᠲᠠᠩ ᠬᠤᠳᠠᠯᠳᠤᠨ ᠠᠪᠬᠤ ᠶᠢ ᠪᠠᠭᠲᠠᠭᠠᠬᠤ ᠦᠭᠡᠢ︶᠎ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.4% ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠨᠣᠷᠮ᠎ᠠ ᠨᠢ 68.5% ᠪᠠᠶᠢᠵᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 7.8 ᠳᠠᠶᠢᠴᠢᠯᠠᠪᠠ᠃        ᠲᠠᠸᠠᠷ ᠤᠨ ᠵᠢᠵᠢᠭᠯᠡᠨ ᠪᠣᠷᠣᠯᠠᠭᠤᠯᠬᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠬᠠᠭᠤᠴᠢᠨ ᠢᠶᠠᠷ ᠰᠢᠨ᠎ᠡ ᠶᠢ ᠰᠣᠯᠢᠬᠤ ᠪᠣᠷᠣᠯᠠᠭᠤᠯᠭ᠎ᠠ ᠰᠠᠶᠢᠵᠢᠷᠠᠪᠠ       ᠨᠢᠭᠡᠳᠦᠭᠡᠷ ᠤᠯᠠᠷᠢᠯ ᠳᠤ ᠪᠦᠬᠦ ᠬᠤᠳᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 159.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.3%᠎ ᠪᠠᠷ ᠨᠡᠮᠡᠭᠳᠡᠵᠦ᠂ 1 ︱ 2 ᠰᠠᠷ᠎ᠠ ᠶᠢᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 2.6 ᠲᠦᠷᠭᠡᠳᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 74.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.2%᠎ ᠪᠠᠷ ᠨᠡᠮᠡᠭᠳᠡᠪᠡ᠃ ᠲᠠᠸᠠᠷ ᠤᠨ ᠵᠢᠵᠢᠭᠯᠡᠨ ᠪᠣᠷᠣᠯᠠᠭᠤᠯᠭ᠎ᠠ ᠬᠥᠭᠵᠢᠭᠡᠨ ᠲᠠᠢ ᠶᠠᠪᠤᠭᠳᠠᠵᠤ ᠪᠠᠶᠢᠨ᠎ᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 66.8 ᠳ᠋ᠦᠩᠰᠢᠭᠤᠷ ᠲᠥᠭᠦᠷᠢᠭ ᠲᠤ ᠬᠦᠷᠴᠦ᠂ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠳᠠᠬᠢ ᠡᠵᠡᠯᠡᠬᠦ ᠨᠣᠷᠮ᠎ᠠ ᠨᠢ 89.9% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.7% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠶᠢ ᠵᠠᠭᠤᠨ ᠤ ᠬᠤᠪᠢ ᠶᠢᠨ ᠬᠠᠷᠢᠴᠠᠯ ᠢᠶᠠᠷ 13.9  ᠨᠡᠮᠡᠭᠳᠡᠭᠦᠯᠵᠦ ᠳᠠᠶᠢᠴᠢᠯᠠᠪᠠ᠃ ᠮᠠᠰᠢᠨ ᠲᠡᠷᠭᠡᠨ ᠤ ᠬᠡᠷᠡᠭᠯᠡᠭᠡ ᠶᠢ ᠬᠦᠴᠦᠲᠡᠢ ᠬᠥᠲᠥᠯᠥᠨ ᠳᠠᠭᠠᠭᠤᠯᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 31.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 38.7%᠎ ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠪᠣᠷᠣᠯᠠᠭᠤᠯᠤᠭᠰᠠᠨ ᠲᠤᠭ᠎ᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 13.5 ᠨᠡᠮᠡᠭᠳᠡᠭᠦᠯᠵᠦ ᠳᠠᠶᠢᠴᠢᠯᠠᠪᠠ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 85.8%᠎ ᠪᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 47.1 ᠲᠦᠷᠭᠡᠨ ᠪᠣᠯᠪᠠ᠃ ᠲᠡᠰ ᠳᠡᠪᠰᠢᠬᠦ ᠲᠦᠷᠦᠯ ᠤᠨ ᠲᠠᠸᠠᠷ ᠤᠨ ᠠᠮᠢᠵᠢᠷᠠᠯ ᠤᠨ ᠬᠦᠴᠦᠨ ᠣᠷᠭᠢᠯᠵᠤ ᠪᠠᠶᠢᠨ᠎ᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ᠂ ᠭᠡᠷ ᠤᠨ ᠴᠠᠬᠢᠯᠭᠠᠨ ᠬᠡᠷᠡᠭᠰᠡᠯ ᠪᠣᠯᠣᠨ ᠲᠠᠭᠤ ᠳᠦᠷᠰᠦ ᠰᠢᠩᠭᠡᠭᠡᠯᠲᠡ ᠶᠢᠨ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 26.5%᠂ 22.7%᠎ ᠪᠠᠷ ᠨᠡᠮᠡᠭᠳᠡᠪᠡ᠃       ᠡᠳ᠋ ᠤᠨ ᠵᠠᠰᠠᠭ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠦᠷᠭᠦᠯᠵᠢᠯᠡᠨ ᠥᠷᠭᠡᠳᠪᠡ      ᠨᠢᠭᠡᠳᠦᠭᠡᠷ ᠤᠯᠠᠷᠢᠯ ᠳᠤ᠂ ᠪᠥᠬᠦ ᠬᠤᠲᠠ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 232.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.1%᠎ ᠪᠠᠷ ᠨᠡᠮᠡᠭᠳᠡᠪᠡ᠃ ᠡᠭᠦᠨ ᠳᠤ᠂ ᠭᠠᠶᠢᠯᠢ ᠶᠢᠨ ᠣᠷᠣᠯᠭ᠎ᠠ 151.9 ᠳ᠋ᠦᠩᠰᠢᠭᠤᠷ ᠲᠥᠭᠦᠷᠢᠭ ᠲᠤ ᠬᠥᠷᠪᠡ᠃ 3 ᠳ᠋ᠤᠭᠠᠷ ᠰᠠᠷ᠎ᠠ ᠶᠢᠨ ᠰᠡᠭᠦᠯᠴᠢ ᠪᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 7495.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7%᠎ ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 4604.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9%᠎ ᠪᠠᠷ ᠨᠡᠮᠡᠭᠳᠡᠪᠡ᠃       ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ      ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14848 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1%᠎ ᠪᠠᠷ ᠨᠡᠮᠡᠭᠳᠡᠪᠡ᠃ ᠪᠠᠶᠢᠩᠭᠤ ᠣᠷᠣᠰᠢᠨ ᠰᠠᠭᠤᠭ᠎ᠠ ᠭᠠᠵᠠᠷ ᠠᠴᠠ ᠦᠵᠡᠪᠡᠯ᠂ ᠬᠤᠲᠠ ᠪᠠᠯᠭᠠᠰᠤᠨ ᠤ ᠪᠠᠶᠢᠩᠭᠤ ᠰᠠᠭᠤᠷᠢᠰᠢᠬᠤ ᠰᠠᠭᠤᠭᠠᠯᠢ ᠠᠷᠠᠳ ᠤᠨ ᠬᠥᠮᠥᠨ ᠳᠤᠮᠳᠠᠴᠢ  ᠶᠢᠨ ᠡᠵᠡᠮᠳᠡᠵᠦ ᠪᠣᠯᠬᠤ ᠣᠷᠣᠯᠭ᠎ᠠ 16763 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9%᠎ ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠷᠢᠰᠢᠬᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9072 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠠᠷᠢᠴᠠᠯ 1.85 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.01 ᠪᠠᠭᠠᠰᠪᠠ᠃       ᠶᠡᠷᠦᠩᠬᠡᠢ ᠳᠤᠨᠢ ᠠᠪᠴᠤ ᠦᠵᠡᠪᠡᠯ ᠂ ᠨᠢᠭᠡᠳᠦᠭᠡᠷ ᠤᠯᠠᠷᠢᠯ ᠳᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠦᠷᠭᠦᠯᠵᠢᠯᠡᠨ ᠢᠯᠡᠳᠳᠡ ᠦᠢᠯᠡᠳᠦᠯ ᠢᠶᠠᠨ ᠪᠠᠳᠠᠷᠠᠭᠤᠯᠵᠤ᠂ ᠪᠥᠬᠦ ᠬᠤᠲᠠ ᠶᠢᠨ ᠠᠵᠤ ᠠᠬᠤᠢ ᠲᠣᠭᠲᠠᠭᠤᠨ ᠢᠶᠠᠷ ᠠᠬᠢᠵᠤ ᠰᠠᠶᠢᠨ ᠡᠬᠢᠯᠡᠯᠲᠡ ᠶᠢ ᠪᠡᠶᠡᠯᠡᠭᠦᠯᠪᠡ᠃ ᠲᠡᠷᠡᠴᠢᠯᠡᠨ ᠪᠠᠰᠠ ᠣᠳᠣᠬᠠᠨ ᠤ ᠭᠠᠳᠠᠭᠠᠳᠤ ᠣᠷᠴᠢᠨ ᠨᠥᠬᠦᠴᠡᠯ ᠨᠡᠩ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠭᠦᠯᠵᠦ ᠰᠠᠶᠢᠵᠢᠷᠠᠭᠤᠯᠬᠤ ᠰᠠᠭᠤᠷᠢ ᠶᠢ ᠮᠥᠨ ᠬᠦ ᠪᠠᠬᠢᠵᠢᠭᠦᠯᠬᠦ ᠴᠢᠬᠤᠯᠠᠲᠠᠢ ᠪᠠᠶᠢᠬᠤ ᠶᠢ ᠣᠯᠵᠤ ᠬᠠᠷᠠᠬᠤ ᠴᠢᠬᠤᠯᠠᠲᠠᠢ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠲᠣᠭᠲᠠᠭᠤᠨ ᠢᠶᠠᠷ ᠠᠵᠢᠯᠯᠠᠭᠤᠯᠵᠤ᠂ ᠲᠣᠭᠲᠠᠭᠤᠨ ᠢᠶᠠᠷ ᠨᠡᠮᠡᠭᠳᠡᠭᠦᠯᠵᠦ᠂  ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠠᠳᠬᠤᠵᠤ᠂ ᠠᠵᠤ ᠠᠬᠤᠢ ᠶᠢᠨ ᠲᠣᠭᠲᠠᠭᠤᠨ ᠢᠶᠠᠷ ᠳᠡᠭᠡᠭᠰᠢᠯᠡᠵᠦ ᠰᠠᠶᠢᠵᠢᠷᠠᠬᠤ ᠬᠠᠨᠳᠤᠰᠢ ᠶᠢ ᠠᠬᠢᠭᠤᠯᠵᠤ᠂ ᠪᠦᠬᠦ ᠬᠦᠴᠦᠨ ᠢᠶᠠᠷ ᠢᠶᠠᠨ ︽ᠰᠢᠨ᠎ᠡ ᠵᠠᠮ ᠢ ᠨᠡᠭᠡᠭᠡᠵᠦ᠂ ᠡᠮᠦᠨ᠎ᠡ ᠡᠩᠨᠡᠭᠡᠨ ᠳᠤ ᠣᠷᠣᠬᠤ︾᠎ ᠪᠠᠷ ᠮᠡᠷᠡᠶᠢᠵᠦ᠂ ᠪᠥᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ︽ᠲᠤᠯᠭᠠᠭᠤᠷᠢ ᠪᠣᠯᠵᠤ᠂ ᠬᠤᠪᠢ ᠨᠡᠮᠡᠷᠢ ᠦᠵᠡᠭᠦᠯᠬᠦ︾᠎ ᠪᠠᠷ ᠴᠢᠷᠮᠠᠶᠢᠨ᠎ᠠ᠃   
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ