ᠣᠶᠢᠷ᠎ᠠ ᠳᠤ ᠬᠠᠩᠬᠢᠨ ᠬᠤᠰᠢᠭᠤᠨ ᠤ ᠮᠠᠯ ᠠᠵᠤ ᠠᠬᠤᠢ ᠶᠢᠨ ᠮᠡᠷᠭᠡᠵᠢᠯ ᠤᠨ ᠦᠢᠯᠡᠴᠢᠯᠡᠭᠡᠨ ᠤ ᠠᠩᠬᠢ ᠦᠨᠳᠦᠰᠤᠨ ᠱᠠᠳᠤᠨ ᠳᠤ ᠬᠦᠨᠵᠡᠭᠡᠶᠢᠷᠡᠵᠤ᠂ | 19810 ᠨᠤᠤᠯᠤᠭᠤᠷ ᠤᠨ ᠢᠮᠠᠭᠠᠨ ᠤ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠠᠵᠢᠯ ᠢ ᠦᠷᠨᠢᠭᠦᠯᠤᠭ᠍ᠰᠡᠨ ᠪᠠᠶᠢᠨ᠎ᠠ᠃ | ᠦᠢᠯᠡᠴᠢᠯᠡᠭᠡᠨ ᠤ ᠠᠩᠭᠢ ᠶᠢᠨ ᠬᠢᠨ ᠲᠤᠰᠬᠠᠢ ᠮᠡᠷᠭᠡᠵᠢᠯ ᠤᠨ ᠦᠢᠯᠡᠴᠢᠯᠡᠭᠡ ᠶᠢ ᠮᠠᠯᠴᠢᠳ ᠲᠤ ᠬᠦᠷᠭᠡᠵᠦ᠂ ᠨᠣᠤᠯᠤᠭᠤᠷ ᠤᠨ ᠨᠠᠷᠢᠯᠢᠭ ᠤᠨ ᠬᠡᠮᠵᠢᠶ᠎ᠠ᠂ | ᠨᠤᠤᠯᠤᠭᠤᠷ ᠤᠨ ᠵᠤᠵᠠᠭᠠᠨ ᠢ ᠨᠠᠷᠢᠯᠢᠭ ᠬᠡᠮᠵᠢᠬᠦ ᠶᠢᠨ ᠬᠠᠮᠲᠤ ᠨᠤᠤᠯᠤᠭᠤᠷ ᠤᠨ ᠢᠮᠠᠭᠠᠨ ᠤ ᠪᠡᠶ᠎ᠡ ᠶᠢᠨ ᠬᠦᠨᠳᠤ᠂ ᠪᠡᠶ᠎ᠡ ᠶᠢᠨ ᠦᠨᠳᠤᠷ᠂ ᠬᠡᠯᠪᠡᠷᠢ ᠪᠠᠶᠢᠳᠠᠯ ᠢ ᠨᠠᠷᠢᠨ | ᠲᠡᠮᠳᠡᠭᠯᠡᠵᠤ᠂ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠣᠶᠢᠯᠠᠭᠠᠭᠰᠠᠨ ᠪᠠᠶᠢᠨ᠎ᠠ᠃ ᠬᠡᠮᠵᠢᠨ ᠲᠣᠭᠲᠠᠭᠠᠭᠰᠠᠨ ᠨᠣᠤᠯᠤᠭᠤᠷ ᠤᠨ ᠢᠮᠠᠭ᠎ᠠ ᠳᠤ ᠴᠢᠬᠢᠨ ᠲᠠᠮᠳᠡᠭ | ᠲᠠᠯᠪᠢᠵᠤ᠂ ᠲᠤᠰᠬᠠᠢ ︽ᠪᠡᠶ᠎ᠡ ᠶᠢᠨ ᠦᠨᠡᠮᠯᠡᠯ︾ ᠭᠠᠷᠭᠠᠵᠤ᠂ ᠨᠣᠤᠯᠤᠭᠤᠷ ᠤᠨ ᠢᠮᠠᠭᠠᠨ ᠤ ᠨᠠᠷᠢᠯᠢᠭ ᠬᠠᠮᠢᠶᠡᠷᠤᠯᠲᠠ ᠶᠢ ᠨᠢᠭᠡ ᠠᠯᠬᠤᠮ ᠪᠠᠶᠡᠯᠡᠭᠦᠯᠦᠭᠰᠡᠨ ᠪᠠᠶᠢᠨ᠎ᠠ᠃ | | ᠲᠣᠰ ᠤᠳᠠᠭᠠᠨ ᠤ ᠬᠡᠮᠵᠢᠨ ᠲᠣᠭᠲᠠᠭᠠᠯᠲᠠ ᠨᠢ ᠨᠣᠤᠯᠤᠭᠤᠷ ᠤᠨ ᠢᠮᠠᠭᠠᠨ ᠤ ᠶᠠᠰᠤ ᠴᠢᠨᠠᠷ ᠢ ᠰᠢᠨᠵᠢᠯᠡᠬᠦ ᠤᠬᠠᠭᠠᠨᠴᠢ ᠪᠠᠷ ᠦᠨᠡᠯᠠᠨ ᠵᠢᠱᠢᠬᠦ ᠳᠤ ᠲᠤᠭ᠎ᠠ | ᠪᠠᠷᠢᠮᠲᠠ ᠶᠢᠨ ᠲᠤᠯᠭᠠᠭᠤᠷᠢᠯᠠᠯ ᠬᠠᠩᠭᠠᠨ᠂ ᠨᠤᠤᠯᠤᠭᠤᠷ ᠤᠨ ᠢᠮᠠᠭᠠᠨ ᠤ ᠡᠭᠦᠯᠳᠡᠷ ᠪᠣᠶᠢᠵᠢᠭᠤᠯᠬᠤ ᠪᠠ ᠲᠡᠵᠢᠭᠡᠨ ᠦᠷᠡᠵᠢᠭᠦᠯᠬᠦ ᠪᠦᠲᠦᠴᠡ ᠶᠢ ᠰᠢᠯᠢᠳᠡᠭᠵᠢᠭᠦᠯᠬᠦ ᠳᠤ | ᠴᠢᠬᠤᠯᠠ ᠯᠠᠪᠯᠠᠯᠲᠠ ᠬᠠᠩᠭᠠᠭᠰᠠᠨ ᠤ ᠬᠠᠮᠲᠤ ᠲᠤᠬᠠᠢ ᠶᠢᠨ ᠭᠠᠵᠠᠷ ᠤᠨ ᠨᠤᠤᠯᠤᠭᠤᠷ ᠤᠨ ᠠᠵᠤ ᠦᠢᠯᠡᠰ ᠤᠨ ᠬᠥᠭᠵᠢᠯᠲᠡ ᠶᠢ ᠪᠥᠬᠦ ᠬᠦᠴᠣᠨ ᠢᠶᠠᠷ ᠠᠬᠢᠭᠤᠯᠬᠤ ᠳᠤ | ᠲᠦᠯᠭᠢᠬᠦ ᠦᠢᠯᠡᠳᠦᠯ ᠦᠵᠡᠭᠦᠯᠬᠦ ᠪᠣᠯᠣᠨ᠎ᠠ᠃ | | | | | | | | | | | | | | | | |