ᠢᠦᠢ ᠬᠠᠢ ᠢᠦᠢ ᠪᠦᠯᠬᠦᠮ ᠳᠠᠭᠠᠭᠤᠯᠤᠨ ᠠᠨᠾᠦ᠋ᠢ ᠳᠤ ᠬᠦᠷᠴᠦ ᠠᠵᠢᠯ ᠵᠣᠯᠭᠠᠭᠤᠯᠵᠤ  ᠠᠷᠠᠯᠵᠢᠶᠠᠴᠢᠨ ᠤᠷᠢᠬᠤ ᠲᠤᠬᠠᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2025/4/7
      ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠪᠦᠯᠬᠦᠮ ᠳᠠᠭᠠᠭᠤᠯᠤᠨ ᠠᠨᠾᠦ᠋ᠢ ᠎ ᠳᠤ ᠬᠦᠷᠴᠦ ᠠᠵᠢᠯ ᠵᠣᠯᠭᠠᠭᠤᠯᠵᠤ᠂ ᠠᠠᠷᠠᠯᠵᠢᠶᠠᠴᠢᠨ ᠤᠷᠢᠬᠤ ᠲᠤᠬᠠᠢ ᠰᠢᠨᠵᠢᠯᠡᠨ ᠪᠠᠶᠢᠴᠠᠭᠠᠪᠠ᠃       ᠾᠧᠹᠧᠢ ᠬᠤᠲᠠ ᠳᠤ᠂ ᠢᠦᠢ ᠬᠠᠢ ᠢᠦᠢ ᠲᠤᠰ ᠲᠤᠰ ᠠᠨᠾᠦ᠋ᠢ ᠮᠤᠵᠢ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠴᠧᠨ ᠵᠢᠶᠦ᠋ᠨ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠂ ᠡᠨᠧᠷᠭᠢ ᠶᠢᠨ ᠲᠣᠪᠴᠢᠶ᠎ᠠ ᠶᠢᠨ ᠳᠠᠷᠤᠭ᠎ᠠ ᠸᠠᠩ ᠵᠧᠨ ᠢᠦᠢ ᠲᠠᠢ ᠠᠭᠤᠯᠵᠠᠵᠤ᠂ ᠥᠪᠥᠷ ᠮᠣᠩᠭᠤᠯ ᠤᠨ ᠴᠠᠬᠢᠯᠭᠠᠨ ᠢ ᠠᠨᠾᠦ᠋ᠢ ᠳᠤ ᠣᠷᠣᠭᠤᠯᠬᠤ ᠢᠨᠵᠧᠨᠧᠷᠢᠩ ᠢ ᠠᠬᠢᠭᠤᠯᠬᠤ ᠵᠡᠷᠭᠡ ᠤᠴᠢᠷ ᠶᠠᠪᠤᠳᠠᠯ ᠢ ᠵᠣᠯᠭᠠᠭᠤᠯᠪᠠ᠃ ᠬᠤᠶᠠᠷ ᠲᠠᠯ᠎ᠠ ᠪᠠᠷ ᠢᠶᠠᠨ ᠣᠶᠢᠯᠠᠭᠠᠯᠴᠠᠨ ᠵᠣᠯᠭᠠᠭᠤᠯᠬᠤ ᠪᠠᠨ ᠴᠢᠨᠠᠭᠰᠢᠳᠠ ᠴᠢᠩᠭᠠᠳᠬᠠᠵᠤ᠂ ᠲᠦᠭᠵᠢᠷᠡᠯ ᠪᠠ ᠬᠦᠴᠢᠷ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠵᠦ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠣᠷᠣᠨ ᠪᠦᠰᠡ ᠠᠯᠤᠰᠯᠠᠭᠰᠠᠨ ᠰᠣᠯᠢᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠨ ᠠᠯᠤᠰᠯᠠᠭᠰᠠᠨ ᠠᠵᠤ ᠠᠬᠤᠢ ᠶᠢ ᠬᠥᠭᠵᠢᠭᠦᠯᠬᠦ ᠶᠢ ᠢᠳᠡᠪᠬᠢᠲᠡᠢ ᠰᠦᠪᠡᠭᠴᠢᠯᠡᠵᠦ᠂ ᠰᠢᠨ᠎ᠡ ᠶᠢ ᠡᠭᠦᠳᠬᠦ ᠬᠠᠮᠵᠢᠯᠴᠠᠭ᠎ᠠ ᠶᠢ ᠥᠷᠨᠢᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠰᠠᠨᠠᠯ ᠨᠢᠭᠡᠲᠡᠢ ᠢᠯᠡᠳᠬᠡᠪᠡ᠃       ᠳ᠋ᠦᠩ ᠰᠢᠦᠢ ᠭᠡᠷᠡᠯ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠰᠢᠨ ᠢ ᠪᠦᠯᠦᠭᠯᠡᠯ᠂ ᠴᠢ ᠷᠦᠢ ᠬᠤᠪᠢ ᠡᠷᠬᠡᠰᠢᠶᠡᠬᠦ ᠪᠦᠯᠦᠭᠯᠡᠯ᠂ ᠬᠠᠢ ᠯᠥᠸᠧ ᠪᠦᠯᠦᠭᠯᠡᠯ᠂ ᠸᠠᠨ ᠸᠧᠢ ᠪᠦᠯᠦᠭᠯᠡᠯ᠂ ᠺᠧ ᠳ᠋ᠠ ᠰᠢᠶᠦ᠋ᠨ ᠹᠧᠢ ᠺᠣᠮᠫᠠᠨᠢ ᠳᠤ᠂ ᠢᠦᠢ ᠬᠠᠢ ᠢᠦᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠤ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠢᠨ ᠢ ᠭᠡᠷᠡᠯ ᠴᠡᠨᠡᠭ ᠤᠨ ᠵᠠᠰᠠᠭ ᠵᠠᠬᠢᠷᠭᠠᠨ ᠤ ᠶᠡᠷᠦᠩᠬᠡᠢ ᠵᠠᠬᠢᠷᠤᠯ ᠯᠢ ᠱᠧᠩ ᠫᠦᠸᠧ᠂ ᠴᠢ ᠷᠦᠢ ᠬᠤᠪᠢ ᠡᠷᠬᠡᠰᠢᠶᠡᠬᠦ ᠪᠦᠯᠦᠭᠯᠡᠯ ᠤᠨ ᠬᠡᠷᠡᠭ ᠮᠡᠳᠡᠭᠴᠢ ᠶᠢᠨ ᠳᠠᠷᠤᠭ᠎ᠠ ᠶᠢᠨ ᠲᠦᠩ ᠶᠦᠸᠠᠢ᠂ ᠬᠠᠢ ᠯᠥᠸᠧ ᠪᠦᠯᠦᠭᠯᠡᠯ ᠤᠨ ᠶᠡᠷᠦᠩᠬᠡᠢ ᠳᠠᠭᠠᠭᠠᠮᠠᠯ ᠵᠦ ᠱᠧᠩ ᠯᠢ᠂ ᠸᠠᠨ ᠸᠧᠢ ᠪᠦᠯᠦᠭᠯᠡᠯ ᠤᠨ ᠬᠡᠷᠡᠭ ᠮᠡᠳᠡᠭᠴᠢ ᠶᠢᠨ ᠳᠠᠷᠤᠭ᠎ᠠ ᠦ᠋ ᠹᠦ᠋ ᠱᠧᠩ᠂ ᠺᠧ ᠳ᠋ᠠ ᠰᠢᠶᠦ᠋ᠨ ᠹᠧᠢ ᠺᠣᠮᠫᠠᠨᠢ ᠶᠢᠨ ᠶᠡᠷᠦᠩᠬᠡᠢ ᠵᠠᠬᠢᠷᠤᠯ ᠦ᠋ ᠰᠢᠶᠣᠣ ᠷᠦ᠋ ᠨᠠᠷ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠣᠷᠳᠣᠰ ᠬᠤᠳᠠ ᠣᠳᠣᠬᠠᠨ ᠳᠤ ᠬᠦᠴᠦ ᠪᠠᠨ ᠲᠥᠪᠯᠡᠷᠡᠭᠦᠯᠦᠨ ᠡᠬᠢ ᠪᠠᠶᠠᠯᠢᠭ ᠤᠨ ᠬᠡᠯᠪᠡᠷᠢ ᠶᠢᠨ ᠬᠤᠳᠠ ᠠᠴᠠ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠵᠠᠮ ᠢᠶᠠᠷ ᠵᠠᠮᠨᠠᠵᠤ᠂ ︽ᠲᠦᠷᠪᠡᠨ ᠳᠡᠯᠡᠬᠡᠢ ᠶᠢᠨ ᠲᠡᠰ ᠤᠨ ᠠᠵᠤ ᠦᠢᠯᠡᠰ︾᠎ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠪᠠ ᠣᠶᠤᠨᠴᠢ ᠰᠦᠯᠵᠢᠶᠡᠨ ᠤ ᠬᠤᠯᠪᠣᠭ᠎ᠠ᠂ ᠣᠶᠢᠷ᠎ᠠ ᠣᠭᠲᠠᠷᠭᠤᠢ ᠶᠢᠨ ᠠᠵᠤ ᠠᠬᠤᠢ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠵᠡᠷᠭᠡ ᠠᠵᠤ ᠦᠢᠯᠡᠰ ᠢ ᠬᠦᠴᠦ ᠲᠠᠯᠪᠢᠨ ᠴᠣᠭᠴᠠᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ ᠪᠠᠶᠢᠨ᠎ᠠ᠃ ᠡᠯ᠎ᠡ ᠠᠵᠤ ᠠᠬᠤᠶᠢᠯᠠᠯ ᠯᠤᠭ᠎ᠠ ᠬᠥᠭᠵᠢᠯᠲᠡ ᠶᠢᠨ ᠠᠵᠠ ᠲᠣᠬᠢᠶᠠᠯ ᠢ ᠬᠠᠮᠲᠤᠪᠠᠷ ᠡᠳ᠋ᠯᠡᠵᠦ᠂ ᠤᠳᠤ ᠪᠠᠶᠢᠭ᠎ᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ ᠴᠠᠷᠠᠭᠠᠨ ᠤ ᠬᠠᠮᠲᠤᠷᠠᠯᠴᠠᠭ᠎ᠠ ᠶᠢ ᠳᠠᠰᠤᠷᠠᠯᠳᠠ ᠦᠭᠡᠢ ᠥᠷᠭᠡᠳᠬᠡᠵᠦ᠂ ᠨᠡᠩ ᠥᠨᠳᠥᠷ ᠲᠦᠪᠰᠢᠨ ᠪᠦᠬᠦᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃      ᠡᠨᠡ ᠬᠤᠭᠤᠴᠠᠭᠠᠨ ᠳᠤ᠂ ᠢᠦᠢ ᠬᠠᠢ ᠢᠦᠢ ᠲᠤᠰ ᠲᠤᠰ ᠾᠧᠹᠧᠢ᠂ ᠦ᠋ ᠬᠤ᠋ ᠶᠢᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠰᠠᠨ ᠤ ᠬᠠᠮᠲᠤ ᠣᠷᠳᠣᠰ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠵᠤ ᠦᠢᠯᠡᠰ ᠤᠨ ᠲᠣᠭᠲᠠᠯᠴᠠᠭ᠎ᠠ ᠶᠢᠨ ᠪᠠᠶᠢᠭᠤᠯᠤᠯᠲᠠ ᠵᠡᠷᠭᠡ ᠪᠠᠶᠢᠳᠠᠯ ᠢ ᠲᠠᠨᠢᠯᠴᠠᠭᠤᠯᠪᠠ᠃ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠪᠣᠯᠣᠨ ᠮᠠᠨ ᠤ ᠬᠤᠲᠠ ᠶᠢᠨ ᠬᠡᠰᠡᠭ ᠬᠤᠰᠢᠭᠤ ᠲᠣᠭᠤᠷᠢᠭ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠵᠦ᠂ 50 ᠭᠠᠷᠤᠢ ᠠᠵᠢᠯ ᠲᠥᠷᠥᠯ ᠤᠨ ᠲᠡᠷᠢᠭᠦᠨ ᠤ ᠠᠵᠤ ᠠᠬᠤᠶᠢᠯᠠᠯ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃      ᠬᠤᠲᠠ ᠶᠢᠨ ᠤᠳᠤᠷᠢᠳᠤᠯᠭ᠎ᠠ ᠬᠤᠸᠠᠩ ᠶᠠᠨ ᠵᠠᠩ᠂ ᠦ᠋ ᠵᠢᠶᠠᠨ ᠰᠢᠶᠦ᠋ᠨ᠂ ᠵᠠᠩ ᠰᠢᠸ ᠯᠢᠩ ᠲᠣᠰ ᠲᠣᠰ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ