4 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠢᠦᠢ ᠬᠠᠢ ᠢᠦᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠬᠢᠯᠡᠨ ᠬᠤᠷᠠᠯᠳᠤᠭᠤᠯᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ | ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠰᠠᠬᠢᠯᠭ᠎ᠠ ᠪᠠᠲᠤ ᠶᠢᠨ ᠬᠥᠮᠦᠵᠢᠯ ᠢ ᠺᠠᠳ᠋ᠷ ᠤᠨ | ᠦᠰᠦᠨ ᠪᠤᠶᠢᠵᠢᠯᠲᠠ ᠶᠢᠨ ᠪᠦᠬᠦ ᠬᠤᠭᠤᠴᠠᠭᠠᠨ ᠳᠤ ᠲᠤᠭᠤᠰᠢᠯᠠᠭᠤᠯᠤᠨ ᠵᠣᠬᠢᠶᠠᠨ ᠪᠠᠶᠢᠭᠤᠯᠵᠤ ᠬᠠᠮᠢᠶᠠᠷᠬᠤ ᠪᠥᠬᠦ ᠶᠠᠪᠤᠴᠠ ᠳᠤ ᠠᠭᠤᠰᠤᠯᠴᠠᠭᠤᠯᠬᠤ ᠲᠤᠬᠠᠢ | ᠠᠵᠢᠯ ᠤᠨ ᠠᠷᠭ᠎ᠠ︾ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠦᠷᠢᠯᠳᠦᠭᠦᠨ ᠨᠠᠷ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠰᠤᠷᠤᠯᠴᠠᠵᠤ ᠰᠤᠳᠤᠯᠤᠨ ᠶᠠᠷᠢᠯᠴᠠᠬᠤ ᠪᠠ ᠠᠷᠠᠳ ᠤᠨ ᠰᠠᠨᠠᠭ᠎ᠠ ᠶᠢ ᠰᠣᠨᠣᠰᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠪᠠᠶᠢᠴᠠᠭᠠᠨ ᠳᠡᠯᠭᠡᠬᠦ ᠪᠠ ᠰᠤᠷᠲᠠᠯ ᠢ ᠰᠠᠶᠢᠵᠢᠷᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠥᠪᠯᠡᠷᠡᠭᠦᠯᠦᠨ | ᠴᠡᠭᠴᠡᠯᠡᠨ ᠵᠠᠰᠠᠬᠤ ᠪᠠ ᠪᠠᠶᠢᠩᠭᠤ ᠶᠢᠨ ᠵᠢᠴᠢ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠣᠰ ᠪᠡᠶ᠎ᠡ ᠶᠢᠨ | ᠰᠤᠷᠤᠯᠴᠠᠯᠭ᠎ᠠ ᠬᠥᠮᠦᠵᠢᠯ ᠢ ᠲᠦᠷᠦᠭᠦᠯᠡᠨ ᠰᠠᠶᠢᠲᠤᠷ ᠬᠢᠵᠦ᠂ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠡᠭᠦᠷᠭᠡ ᠬᠠᠷᠢᠭᠤᠴᠠᠯᠭ᠎ᠠ ᠳᠠᠭᠠᠨ ᠦᠨᠡᠨᠬᠦ ᠠᠭᠤᠰᠬᠠᠵᠤ᠂ ᠠᠵᠢᠯᠯᠠᠭ᠎ᠠ ᠳᠡᠭᠡᠷ᠎ᠡ ᠪᠠᠨ ᠨᠠᠶᠢᠲᠠᠪᠤᠷᠢᠵᠢᠭᠤᠯᠵᠤ᠂ ᠪᠥᠬᠦ ᠬᠤᠲᠠ ᠶᠢᠨ ᠵᠠᠰᠠᠭ ᠤᠨ | ᠣᠷᠳᠣᠨ ᠤ ᠰᠢᠰᠲ᠋ᠧᠮ ᠲᠠᠢ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯᠣᠨ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ | ᠂ ᠰᠠᠬᠢᠯᠭ᠎ᠠ ᠪᠠᠲᠤ ᠶᠢᠨ ᠬᠥᠮᠦᠵᠢᠯ ᠢ ᠺᠠᠳ᠋ᠷ ᠤᠨ ᠦᠰᠦᠨ ᠪᠤᠶᠢᠵᠢᠯᠲᠠ ᠶᠢᠨ ᠪᠦᠬᠦ ᠬᠤᠭᠤᠴᠠᠭᠠᠨ ᠳᠤ ᠲᠤᠭᠤᠰᠢᠯᠠᠭᠤᠯᠵᠤ᠂ ᠵᠣᠬᠢᠶᠠᠨ ᠪᠠᠶᠢᠭᠤᠯᠵᠤ ᠬᠠᠮᠢᠶᠠᠷᠬᠤ ᠪᠦᠬᠦ | ᠶᠠᠪᠤᠴᠠ ᠳᠤ ᠠᠭᠤᠰᠤᠯᠴᠠᠭᠤᠯᠵᠤ᠂ ᠰᠤᠷᠤᠯᠴᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ᠂ ᠪᠦᠬᠦ | ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ |