5 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠪᠥᠬᠦ ᠬᠤᠲᠠ ᠶᠢᠨ ᠵᠠᠯᠠᠭᠤ | ᠠᠵᠤ ᠠᠬᠤᠶᠢᠯᠠᠯᠲᠠᠳ ᠤᠨ ᠦᠢᠯᠡᠰ ᠪᠣᠰᠬᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠯᠠᠭᠤ ᠠᠵᠤ ᠠᠬᠤᠶᠢᠯᠠᠯᠲᠠᠨ ᠪᠣᠯᠣᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠲᠥᠯᠥᠭᠡᠯᠡᠭᠴᠢ ᠶᠢ ᠤᠷᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠪᠠ ᠵᠠᠯᠠᠭᠤ ᠠᠵᠤ ᠠᠬᠤᠶᠢᠯᠠᠯᠲᠠᠳ ᠤᠨ ᠡᠷᠡᠭᠦᠯ ᠢᠶᠠᠷ ᠦᠰᠦᠨ ᠪᠣᠶᠢᠵᠢᠬᠤ ᠰᠡᠳᠬᠢᠴᠡ ᠠᠷᠭ᠎ᠠ ᠬᠡᠮᠵᠢᠶ᠎ᠡ ᠶᠢ ᠬᠠᠮᠲᠤ ᠪᠠᠷ ᠵᠥᠪᠳᠡᠯᠴᠡᠪᠡ᠃ | ᠬᠤᠷᠠᠯ ᠳᠤ᠂ ᠺᠠ ᠡᠯ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠧᠢ ᠵᠢᠶᠦ᠋ᠨ ᠴᠢᠩ᠂ | ᠶᠠᠨ ᠴᠢᠩ ᠣᠷᠴᠢᠨ ᠲᠣᠭᠤᠷᠢᠨ ᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ CEO ᠰᠠᠢ ᠱᠢ ᠵᠢᠶᠧ᠂ ᠣᠷᠳᠣᠰ ᠤᠨ ᠲᠤᠷᠰᠢᠯᠲᠠ ᠶᠢᠨ ᠲᠠᠰᠤᠭ ᠤᠨ | ᠮᠡᠷᠭᠡᠵᠢᠯ ᠤᠨ ᠳᠡᠳ᠋ ᠡᠷᠬᠢᠯᠡᠭᠴᠢ ᠵᠠᠩ ᠴᠧᠨ ᠰᠢ ᠵᠡᠷᠭᠡ 22 ᠵᠠᠯᠠᠭᠤ ᠠᠵᠤ ᠠᠬᠤᠶᠢᠯᠠᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠲᠤᠰ ᠲᠤᠰ ᠶᠠᠷᠢᠶ᠎ᠠ | ᠲᠠᠯᠪᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ | ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠵᠠᠯᠠᠭᠤ ᠠᠵᠤ ᠠᠬᠤᠶᠢᠯᠠᠯᠲᠠᠨ ᠢ ᠬᠥᠮᠥᠵᠢᠭᠦᠯᠬᠦ ᠵᠡᠷᠭᠡ ᠶᠢ ᠳᠡᠮᠵᠢᠬᠦ ᠲᠤᠬᠠᠢ | ᠰᠠᠨᠠᠭᠤᠯᠭ᠎ᠠ ᠳᠤᠷᠠᠳᠪᠠ᠃ ᠢᠦᠢ ᠬᠠᠢ ᠢᠦᠢ ᠤᠯᠠᠨ ᠤ ᠶᠠᠷᠢᠶ᠎ᠠ ᠶᠢ ᠭᠦᠢᠴᠡᠳ ᠨᠤᠲᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠰᠠᠨᠠᠯ ᠰᠠᠨᠠᠭᠤᠯᠭ᠎ᠠ ᠶᠢ ᠬᠦᠯᠢᠶᠡᠨ ᠠᠪᠬᠤ ᠬᠡᠷᠡᠭᠲᠡᠢ ᠭᠡᠵᠦ ᠱᠠᠭᠠᠷᠳᠠᠪᠠ | ᠃ | ᠢᠦᠢ ᠬᠠᠢ ᠢᠦᠢ᠂ ᠵᠠᠯᠠᠭᠤ ᠠᠵᠤ ᠠᠬᠤᠶᠢᠯᠠᠯᠲᠠᠨ ᠪᠣᠯ ᠣᠷᠳᠣᠰ ᠬᠤᠳᠠ ᠶᠢᠨ ᠬᠤᠪᠣᠷ ᠨᠠᠨᠳᠢᠨ ᠬᠥᠭᠵᠢᠯᠲᠡ ᠶᠢᠨ ᠡᠬᠢ ᠪᠠᠶᠠᠯᠢᠭ ᠮᠥᠨ᠂ ᠵᠠᠯᠠᠭᠤ ᠠᠵᠤ | ᠠᠬᠤᠶᠢᠯᠠᠯᠲᠠᠨ ᠢ ᠴᠢᠬᠤᠯᠠᠴᠢᠯᠠᠵᠤ ᠪᠠᠶᠢᠭ᠎ᠠ ᠨᠢ ᠳᠠᠷᠤᠢ ᠣᠷᠳᠣᠰ ᠬᠤᠳᠠ ᠶᠢᠨ ᠢᠷᠡᠭᠡᠳᠦᠢ ᠶᠢ ᠴᠢᠬᠤᠯᠠᠴᠢᠯᠠᠵᠤ ᠪᠠᠶᠢᠭ᠎ᠠ ᠶᠠᠪᠤᠳᠠᠯ ᠪᠣᠯᠣᠨ᠎ᠠ᠃ ᠶᠡᠷᠦᠩᠬᠡᠢ ᠱᠦᠵᠢ | ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠪᠣᠯᠣᠨ ᠵᠠᠯᠠᠭᠤ ᠴᠢᠳᠠᠪᠤᠷᠢᠲᠠᠨ᠂ ᠵᠠᠯᠠᠭᠤ ᠠᠵᠤ ᠠᠬᠤᠶᠢᠯᠠᠯᠲᠠᠨ ᠤ ᠦᠰᠦᠨ | ᠪᠤᠶᠢᠵᠢᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠨᠳᠦ ᠨᠠᠶᠢᠲᠠᠯᠭ᠎ᠠ ᠲᠠᠯᠪᠢᠵᠤ ᠪᠠᠶᠢᠨ᠎ᠠ᠂ ᠵᠠᠯᠠᠭᠤ ᠠᠵᠤ ᠠᠬᠤᠶᠢᠯᠠᠯᠲᠠᠳ ᠤᠭ ᠰᠠᠨᠠᠭ᠎ᠠ ᠪᠠᠨ | ᠥᠯᠥ ᠤᠮᠠᠷᠳᠠᠨ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ᠂ | ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠣᠳᠣᠬᠠᠨ ᠤ ᠠᠵᠤ ᠠᠬᠤᠢ ᠶᠢᠨ ᠪᠠᠶᠢᠳᠠᠯ | ᠪᠣᠯᠣᠨ ᠮᠠᠨ ᠤ ᠬᠤᠳᠠ ᠶᠢᠨ ᠬᠥᠭᠵᠢᠯᠲᠡ ᠶᠢᠨ ᠳᠠᠪᠠᠭᠤᠯᠢᠭ ᠢ ᠵᠥᠪ ᠲᠠᠨᠢᠵᠤ᠂ ᠠᠵᠠ ᠲᠣᠬᠢᠶᠠᠯ ᠢ ᠠᠮᠵᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠲᠠᠭᠤ ᠵᠣᠷᠢᠭ ᠢ ᠪᠠᠷᠢᠮᠲᠠᠯᠠᠵᠤ᠂ ᠪᠦᠬᠦ ᠬᠤᠳᠠ ᠶᠢᠨ ᠭᠤᠣᠯᠳᠠᠯᠭ᠎ᠠ ᠲᠠᠢ ᠠᠵᠤ | ᠦᠢᠯᠡᠰ ᠤᠨ ᠪᠠᠶᠢᠷᠢᠰᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃ | ᠠᠤᠭ᠎ᠠ ᠵᠣᠷᠢᠭ ᠢ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ | ᠳᠠᠭᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠬᠠᠶᠢᠷ᠎ᠠ ᠰᠡᠳᠬᠢᠯᠭᠡ ᠪᠠᠨ ᠡᠷᠭᠦᠵᠦ᠂ ᠤᠬᠠᠮᠰᠠᠷ ᠠᠴᠠ ᠪᠠᠨ ᠬᠠᠤᠯᠢ ᠶᠣᠰᠣᠭᠠᠷ ᠭᠠᠶᠢᠯᠢ ᠲᠤᠰᠢᠶᠠᠵᠤ᠂ | ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ ᠶᠢ ᠪᠠᠷᠢᠮᠲᠠᠯᠠᠵᠤ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠨᠡᠶᠢᠲᠡ ᠳᠤ ᠬᠠᠷᠠᠭᠤ | ᠲᠠᠯᠠᠷᠬᠠᠬᠤ ᠳᠠᠭᠤᠷᠢᠶᠠᠯ ᠦᠵᠡᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠪᠡ᠃ | ᠢᠦᠢ ᠬᠠᠢ ᠢᠦᠢ᠂ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠨ ᠳᠤ ᠰᠠᠶᠢᠲᠤᠷ ᠦᠢᠯᠡᠴᠢᠯᠡᠵᠦ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ | ᠠᠬᠤᠢ ᠶᠢ ᠡᠭᠦᠳᠬᠦ ᠪᠣᠯ ᠡᠯ᠎ᠡ ᠱᠠᠲᠤᠨ ᠤ ᠵᠠᠰᠠᠭ ᠤᠨ ᠣᠷᠳᠣᠨ ᠤ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠵᠠᠯᠠᠭᠤ ᠠᠵᠤ ᠠᠬᠤᠶᠢᠯᠠᠯᠲᠠᠨ ᠢ ᠬᠥᠮᠥᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ | ᠠᠬᠤᠶᠢᠯᠠᠯ ᠤᠨ ᠬᠥᠭᠵᠢᠯᠲᠡ ᠪᠣᠯᠣᠨ ᠵᠠᠯᠠᠭᠤ ᠠᠵᠤ ᠠᠬᠤᠶᠢᠯᠠᠯᠲᠠᠨ ᠤ ᠦᠰᠦᠨ ᠪᠤᠶᠢᠵᠢᠯᠲᠠ ᠳᠤ ᠠᠰᠢᠭᠲᠠᠢ ᠰᠠᠶᠢᠨ ᠰᠠᠶᠢᠬᠠᠨ ᠦᠢᠯᠡᠴᠢᠯᠡᠭᠡᠨ ᠤ ᠣᠷᠴᠢᠨ | ᠲᠣᠭᠤᠷᠢᠨ᠂ ᠠᠮᠢᠳᠤᠷᠠᠯ ᠤᠨ ᠣᠷᠴᠢᠨ ᠲᠣᠭᠤᠷᠢᠨ᠂ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃ | ᠬᠤᠲᠠ ᠶᠢᠨ ᠤᠳᠤᠷᠢᠳᠤᠯᠭ᠎ᠠ ᠯᠢᠦ ᠹᠧᠩ ᠶᠦᠨ᠂ ᠮᠢᠶᠣᠣ ᠴᠧᠩ ᠢᠦᠢ ᠣᠷᠤᠯᠴᠠᠪᠠ᠃ |