ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠰᠠᠯᠠᠭ᠎ᠠ | ᠮᠥᠴᠢᠷ ᠠᠯᠤᠰᠯᠠᠭᠰᠠᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠰᠢᠨ᠎ᠡ ᠶᠢ ᠡᠭᠦᠳᠬᠦ ᠬᠡᠷᠡᠭᠯᠡᠭᠡ ᠪᠠᠷ ᠳᠡᠮᠵᠢᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠨ᠂ ᠬᠤᠰᠢᠭᠤᠨ ᠤ | ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠵᠦ᠂ ᠳ᠋ᠠᠶᠢᠲ᠋ᠠ ᠶᠢᠨ ᠵᠠᠭᠠᠭ ᠢ ᠡᠪᠳᠡᠵᠦ᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢ ᠨᠠᠷᠢᠯᠢᠭ ᠣᠨᠣᠴᠠᠲᠠᠢ᠂ ᠥᠨᠳᠥᠷ ᠦᠷ᠎ᠡ ᠪᠦᠲᠦᠮᠵᠢᠲᠡᠶ ᠪᠣᠯᠭᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠲᠤᠯᠠᠭ᠎ᠠ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ | ᠱᠠᠭᠠᠷᠳᠠᠯᠭ᠎ᠠ ᠲᠠᠢ ᠬᠠᠷᠠᠭᠠᠯᠵᠠᠭᠤᠯᠵᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠦᠳᠲᠡᠷ | ᠲᠦᠷᠭᠡᠨ ᠬᠥᠳᠡᠯᠦᠯᠴᠡᠵᠦ᠂ ᠳ᠋ᠠᠶᠢᠲ᠋ᠠ ᠶᠢ ᠡᠮᠬᠢᠯᠡᠨ ᠨᠡᠶᠢᠯᠡᠭᠦᠯᠬᠦ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠪᠠᠷ ᠳᠠᠮᠵᠢᠭᠤᠯᠵᠤ᠂ ᠪᠥᠬᠦ ᠬᠤᠰᠢᠭᠤᠨ ᠤ ᠪᠠᠴᠢᠮ | ᠠᠪᠤᠷᠠᠯᠳᠠ ᠶᠢᠨ ᠲᠥᠬᠦᠭᠡᠷᠦᠮᠵᠢ ᠶᠢᠨ ᠲᠠᠷᠬᠠᠯᠲᠠ ᠶᠢᠨ ᠣᠷᠣᠨ ᠪᠠᠶᠢᠷᠢ᠂ ᠣᠨᠴᠠᠭᠠᠶ ᠬᠥᠮᠥᠰ ᠵᠢᠴᠢ ᠲᠣᠭᠲᠠᠭᠰᠠᠨ ᠡᠮᠴᠢᠯᠡᠭᠡᠨ ᠤ ᠭᠠᠵᠠᠷ ᠤᠨ ᠪᠦᠷᠬᠦᠯᠲᠡ ᠵᠡᠷᠭᠡ | ᠪᠠᠶᠢᠳᠠᠯ ᠢ ᠣᠨᠣᠪᠴᠢᠲᠠᠶ ᠡᠵᠡᠮᠰᠢᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠵᠤ᠂ | ᠥᠩᠭᠡᠷᠡᠭᠰᠡᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠨᠡᠪᠲᠡᠷᠡᠯᠴᠡᠬᠦ ᠦᠭᠡᠢ ᠠᠴᠠ ᠪᠣᠯᠤᠭᠰᠠᠨ ᠡᠬᠢ ᠪᠠᠶᠠᠯᠢᠭ ᠤᠨ ᠬᠤᠪᠢᠶᠠᠷᠢᠯᠠᠯᠲᠠ ᠶᠢᠨ ᠲᠡᠭᠰᠢ | ᠪᠤᠰᠤ ᠠᠰᠠᠭᠤᠳᠠᠯ ᠢ ᠰᠢᠢᠳᠪᠦᠷᠢᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ︽ᠰᠠᠨᠠᠭᠠᠴᠢᠯᠠᠭᠠᠲᠤ ᠪᠣᠰᠤ︾ ᠪᠠᠶᠢᠭᠰᠠᠨ ᠠᠴᠠ ︽ | ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠬᠦ︾ ᠳᠠᠰᠢ ᠬᠤᠪᠢᠷᠠᠭᠤᠯᠬᠤ ᠶᠢ ᠪᠡᠶᠡᠯᠡᠭᠦᠯᠪᠡ᠃ | ᠡᠵᠡᠨ ᠬᠤᠷᠤᠭ᠎ᠠ ᠬᠤᠰᠢᠭᠤ ᠨᠢ ᠣᠷᠳᠣᠰ ᠬᠤᠳᠠ ᠶᠢᠨ ᠬᠤᠳᠠ ᠶᠢᠨ ᠭᠤᠣᠯ ᠲᠣᠭᠤᠷᠢᠭ ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ | ᠪᠦᠬᠦ ᠬᠦᠷᠢᠶ᠎ᠡ ᠴᠠᠷᠠᠭ᠎ᠠ ᠶᠢ ᠪᠦᠷᠬᠦᠭᠰᠡᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠲᠣᠭᠲᠠᠯᠴᠠᠭ᠎ᠠ ᠶᠢ ᠪᠠᠶᠢᠭᠤᠯᠪᠠ᠃ ᠣᠳᠣᠬᠠᠨ ᠪᠣᠯᠲᠠᠯ᠎ᠠ᠂ | ᠲᠣᠰ ᠲᠠᠪᠴᠠᠩ ᠨᠢ ᠨᠢᠭᠡᠨᠲᠡ 62 ᠰᠠᠯᠠᠭ᠎ᠠ ᠮᠥᠴᠢᠷ ᠢ ᠵᠠᠯᠭᠠᠨ ᠣᠷᠣᠭᠤᠯᠵᠤ᠂ ᠡᠮᠴᠢᠯᠡᠭᠡᠨ ᠤ ᠳᠠᠭᠠᠳᠬᠠᠯ᠂ ᠰᠤᠷᠭᠠᠨ ᠬᠥᠮᠦᠵᠢᠯ᠂ ᠣᠷᠣᠨ ᠰᠠᠭᠤᠴᠠ ᠵᠡᠷᠭᠡ | 1179 ᠲᠥᠷᠥᠯ ᠤᠨ ᠳ᠋ᠠᠶᠢᠲ᠋ᠠ ᠶᠢᠨ ᠭᠠᠷᠴᠠᠭ ᠢ ᠨᠡᠶᠢᠯᠡᠭᠦᠯᠦᠨ ᠴᠤᠭᠯᠠᠭᠤᠯᠵᠤ᠂ ᠨᠡᠶᠢᠲᠡ ᠴᠤᠭᠯᠠᠭᠤᠯᠤᠭᠰᠠᠨ ᠳ᠋ᠠᠶᠢᠲ᠋ᠠ ᠶᠢᠨ ᠬᠡᠮᠵᠢᠶ᠎ᠡ ᠨᠢ 1.13 ᠳ᠋ᠦᠩᠰᠢᠭᠤᠷ | ᠵᠤᠷᠪᠤᠰ ᠢ ᠳᠠᠪᠠᠪᠠ︔ ᠣᠶᠤᠨᠴᠢ ᠳ᠋ᠠᠶᠢᠲ᠋ᠠ ᠶᠢᠨ ᠬᠡᠷᠡᠭᠯᠡᠭᠡᠨ ᠤ ᠲᠥᠪ ᠢ 1 ᠪᠠᠶᠢᠭᠤᠯᠵᠤ᠂ 2 ᠪᠠᠶᠢᠴᠠᠭᠠᠨ ᠯᠠᠪᠯᠠᠬᠤ ᠦᠵᠦᠭᠦᠷ ᠢ ᠨᠡᠭᠡᠭᠡᠨ ᠬᠥᠭᠵᠢᠭᠦᠯᠵᠦ᠂ | ᠰᠠᠯᠠᠭ᠎ᠠ ᠮᠥᠴᠢᠷ ᠤᠨ ᠳ᠋ᠠᠶᠢᠲ᠋ᠠ ᠶᠢᠨ ᠭᠤᠶᠤᠴᠢᠯᠠᠯ ᠢ ᠨᠡᠶᠢᠲᠡ 408 ᠵᠦᠢᠯ ᠪᠡᠶᠡᠯᠡᠭᠦᠯᠵᠦ᠂ 287 ᠵᠦᠢᠯ ᠤᠨ ᠳ᠋ᠠᠶᠢᠲ᠋ᠠ ᠶᠢᠨ ᠵᠠᠬᠢᠶᠠᠯᠠᠭ᠎ᠠ ᠶᠢᠨ ᠦᠢᠯᠡᠴᠢᠯᠡᠭᠡ ᠶᠢ | ᠪᠡᠶᠡᠯᠡᠭᠦᠯᠪᠡ︔ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠰᠢᠰᠲ᠋ᠧᠮ ᠳᠤ ᠲᠦᠰᠢᠭᠯᠡᠨ ᠰᠠᠯᠠᠭ᠎ᠠ ᠮᠥᠴᠢᠷ ᠠᠯᠤᠰᠯᠠᠭᠰᠠᠨ ᠬᠦᠰᠦᠨᠦᠭᠲᠦ ᠬᠠᠭᠤᠳᠠᠰᠤ ᠶᠢ | ᠠᠦ᠋ᠲ᠋ᠣ᠋ ᠪᠠᠷ ᠨᠥᠬᠦᠪᠦᠷᠢᠯᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠪᠡ᠃ | ᠳᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠬᠢᠨ ᠳ᠋ᠠᠶᠢᠲ᠋ᠠ ᠶᠢ ᠬᠠᠮᠲᠤᠪᠠᠷ ᠡᠳ᠋ᠯᠡᠬᠦ ᠲᠣᠭᠲᠠᠴᠠ ᠶᠢ ᠭᠦᠨᠵᠡᠭᠡᠶᠢᠷᠡᠭᠦᠯᠵᠦ᠂ ︽ᠨᠢᠭᠡ | ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠳᠤ ᠭᠦᠨᠵᠡᠭᠡᠢ ᠬᠡᠷᠡᠭᠯᠡᠬᠦ ᠶᠢ ᠰᠦᠪᠡᠭᠴᠢᠯᠡᠵᠦ᠂ | ᠪᠦᠬᠦ ᠬᠦᠴᠦᠨ ᠢᠶᠠᠷ ᠢᠶᠠᠨ ︽ᠲᠣᠭᠠᠵᠢᠭᠤᠯᠤᠯᠲᠠ ᠪᠠᠷ ᠠᠷᠠᠳ ᠲᠤ ᠠᠰᠢᠭ ᠬᠦᠷᠲᠡᠭᠡᠬᠦ︾ ᠰᠢᠨ᠎ᠡ ᠬᠡᠪ ᠳᠠᠭᠤᠷᠢᠶᠠᠯ ᠪᠣᠯᠬᠤ ᠪᠠᠷ ᠴᠢᠷᠮᠠᠶᠢᠨ᠎ᠠ᠃ |