ᠣᠷᠳᠣᠰ ᠬᠤᠲᠠ ᠵᠠᠰᠠᠭ ᠤᠨ ᠣᠷᠳᠣᠨ ᠤ ᠶᠠᠷᠢᠶᠠᠨ ᠤ ᠲᠠᠩᠬᠢᠮ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/5/13
      5 ᠳ᠋ᠤᠭᠠᠷ ᠰᠠᠷ᠎ᠠ ᠶᠢᠨ 8᠎ ᠤ ᠡᠳᠦᠷ ᠠᠴᠠ 12᠎ ᠤᠨ ᠡᠳᠦᠷ ᠪᠣᠯᠲᠠᠯ᠎ᠠ᠂ ᠣᠷᠳᠣᠰ ᠬᠤᠲᠠ ᠶᠢᠨ ᠵᠠᠰᠠᠭ ᠤᠨ ᠣᠷᠳᠣᠨ ᠤ ᠶᠠᠷᠢᠶᠠᠨ ᠤ ᠲᠠᠩᠬᠢᠮ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠤᠷᠠᠯ ᠬᠢᠪᠡ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ 30 ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠠᠷ ᠲᠣᠰ ᠲᠣᠰ ᠤᠨ ᠬᠦᠷᠢᠶᠡᠨ ᠳᠠᠬᠢ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠭᠤᠣᠯᠳᠠᠯᠭ᠎ᠠ ᠲᠠᠢ ᠠᠵᠢᠯ ᠪᠠ ᠴᠢᠬᠤᠯᠠ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠭᠰᠡᠨ ᠪᠥᠭᠡᠳ ᠪᠥᠬᠦ ᠬᠤᠲᠠ ᠶᠢᠨ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠮᠡᠳᠡᠭᠳᠡᠪᠡ᠃ ᠲᠠᠶᠢᠯᠤᠮᠵᠢ ᠶᠢᠨ ᠬᠤᠷᠠᠯ ᠨᠢ ᠪᠦᠷᠢᠨ ᠭᠦᠢᠴᠡᠳ ᠠᠭᠤᠯᠭ᠎ᠠ᠂ ᠡᠯᠪᠡᠭ ᠪᠠᠶᠠᠯᠢᠭ ᠬᠡᠷᠡᠭ ᠤᠨ ᠵᠢᠱᠢᠶ᠎ᠡ᠂ ᠨᠠᠷᠢᠨ ᠪᠣᠳᠠᠲᠠᠢ ᠲᠤᠭ᠎ᠠ ᠪᠠᠷᠢᠮᠲᠠ ᠪᠠᠷ ᠢᠶᠠᠨ ᠮᠠᠰᠢ ᠴᠢᠩᠭ᠎ᠠ ᠵᠢᠯᠤᠭᠤᠳᠬᠤ ᠴᠢᠨᠠᠷ ᠪᠠ ᠦᠢᠯᠡᠳᠦᠯᠭᠡ ᠶᠢᠨ ᠴᠢᠨᠠᠷ ᠲᠠᠢ ᠪᠠᠶᠢᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠴᠢᠨᠠᠭᠰᠢᠳᠠ ᠭᠦᠨᠵᠡᠭᠡᠢ ᠠᠬᠢᠭᠤᠯᠵᠤ᠂ ᠪᠦᠬᠦ ᠬᠤᠳᠠ ᠪᠠᠷ ᠢᠶᠠᠨ ᠲᠦᠷᠦ ᠶᠢᠨ ᠪᠣᠳᠣᠯᠭ᠎ᠠ ᠶᠢ ᠴᠢᠨᠠᠭᠰᠢᠳᠠ ᠰᠠᠶᠢᠲᠤᠷ ᠰᠣᠷᠣᠯᠴᠠᠨ ᠬᠡᠷᠡᠭᠯᠡᠵᠦ᠂ ᠭᠦᠢᠴᠡᠳ ᠬᠡᠷᠡᠭᠯᠡᠬᠦ ᠶᠢ ᠠᠬᠢᠭᠤᠯᠵᠤ᠂ ᠬᠤᠳᠠ ᠬᠤᠰᠢᠭᠤ ᠲᠣᠭᠤᠷᠢᠭ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠨᠡᠩ ᠤᠯᠠᠨ ᠣᠶᠤᠨᠴᠢ ᠲᠤᠯᠭᠠᠭᠤᠷᠢᠯᠠᠯ ᠬᠠᠩᠭᠠᠪᠠ᠃      ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ 
图片1.png
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ