ᠨᠢᠭᠡ ᠳᠤ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠪᠠ᠃ ︽ᠭᠤᠷᠪᠠᠨ ᠬᠥᠨᠳᠡᠯᠡᠨ ᠵᠢᠷᠭᠤᠭᠠᠨ ᠭᠤᠯᠳᠤ︾ ᠢᠳᠡᠵᠦ | ᠤᠤᠭᠤᠬᠤ ᠪᠠᠷᠢᠮᠵᠢᠶᠠᠨ ᠳᠤ ᠬᠥᠷᠥᠭᠡᠳᠦᠢ ᠴᠡᠪᠡᠷᠰᠢᠭᠦᠯᠦᠭᠰᠡᠨ ᠤᠰᠤᠨ ᠤ ᠭᠤᠣᠯ ᠬᠤᠭᠤᠯᠠᠢ ᠲᠣᠣᠷ ᠤᠨ ᠲᠣᠭᠲᠠᠯᠴᠠᠭ᠎ᠠ ᠶᠢ ᠪᠠᠶᠢᠭᠤᠯᠵᠤ᠂ ᠡᠳᠦᠷ ᠪᠦᠷᠢ | ᠳᠤᠮᠳᠠᠴᠢ ᠪᠠᠷ 1.2 ᠲᠦᠮᠡᠨ ᠲᠣᠨ ᠨᠢᠭᠡᠳᠦᠭᠡᠷ ᠳᠡᠰ ᠤᠨ A ᠲᠥᠷᠥᠯ ᠤᠨ ᠢᠳᠡᠵᠦ ᠤᠤᠭᠤᠬᠤ ᠪᠠᠷᠢᠮᠵᠢᠶᠠᠨ ᠳᠤ ᠬᠥᠷᠥᠭᠡᠳᠦᠢ ᠴᠡᠪᠡᠷᠰᠢᠭᠦᠯᠦᠭᠰᠡᠨ ᠤᠰᠤ ᠶᠢ | ᠥᠨᠳᠥᠷ ᠪᠦᠲᠦᠮᠵᠢᠲᠡᠶ ᠪᠠᠷ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠪᠡ︔ 90% ᠠᠴᠠ ᠳᠡᠭᠡᠭᠰᠢᠬᠢ ᠵᠦᠯᠭᠡ ᠭᠠᠵᠠᠷ ᠢ ᠢᠳᠡᠵᠦ ᠤᠤᠭᠤᠬᠤ ᠪᠠᠷᠢᠮᠵᠢᠶᠠᠨ ᠳᠤ | ᠬᠥᠷᠥᠭᠡᠳᠦᠢ ᠴᠡᠪᠡᠷᠰᠢᠭᠦᠯᠦᠭᠰᠡᠨ ᠤᠰᠤ ᠪᠠ ᠠᠮᠢ ᠠᠬᠤᠢ ᠶᠢᠨ ᠤᠰᠤ ᠪᠠᠷ ᠤᠰᠤᠯᠠᠬᠤ ᠶᠢ ᠪᠡᠶᠡᠯᠡᠭᠦᠯᠵᠦ᠂ ᠵᠢᠯ ᠳᠤ ᠨᠣᠭᠤᠭᠠᠷᠠᠭᠤᠯᠤᠯᠲᠠ ᠬᠢᠬᠦ ᠥᠪᠡᠷ ᠤᠨ | ᠥᠷᠲᠡᠭ ᠢ ᠮᠢᠩᠭᠠᠨ ᠲᠦᠮᠡᠨ ᠲᠥᠭᠦᠷᠢᠭ ᠢᠯᠡᠭᠦᠦ ᠠᠷᠪᠢᠯᠠᠪᠠ︔ ᠪᠥᠬᠦ ᠬᠤᠲᠠ ᠶᠢᠨ ︽ᠲᠠᠪᠤᠨ ᠬᠤᠰᠢᠭᠤ ᠲᠣᠭᠤᠷᠢᠭ︾ ᠤᠨ ᠠᠭᠤᠷᠬᠠᠢ ᠶᠢᠨ ᠬᠠᠶᠠᠭᠳᠠᠮᠠᠯ ᠤᠰᠤ | ᠪᠠ ᠢᠳᠡᠵᠦ ᠤᠤᠭᠤᠬᠤ ᠪᠠᠷᠢᠮᠵᠢᠶᠠᠨ ᠳᠤ ᠬᠥᠷᠥᠭᠡᠳᠦᠢ ᠴᠡᠪᠡᠷᠰᠢᠭᠦᠯᠦᠭᠰᠡᠨ ᠤᠰᠤᠨ ᠤ ᠤᠰᠤ ᠬᠠᠩᠭᠠᠬᠤ ᠬᠤᠭᠤᠯᠠᠢ ᠲᠣᠣᠷ ᠢ ᠬᠤᠯᠪᠣᠨ ᠨᠡᠪᠲᠡᠷᠡᠭᠦᠯᠬᠦ | ᠢᠨᠵᠧᠨᠧᠷᠢᠩ ᠳᠤ ᠣᠷᠣᠯᠴᠠᠵᠤ᠂ ᠣᠷᠣᠨ ᠪᠦᠰᠡ ᠠᠯᠤᠰᠯᠠᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠪᠡ᠃ | ᠬᠤᠶᠠᠷ ᠲᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠪᠡ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠤ᠂ ᠠᠵᠤ | ᠠᠬᠤᠶᠢᠯᠠᠯ ᠤᠨ ᠢᠳᠡᠵᠦ ᠤᠤᠭᠤᠬᠤ ᠪᠠᠷᠢᠮᠵᠢᠶᠠᠨ ᠳᠤ ᠬᠥᠷᠥᠭᠡᠳᠦᠢ ᠴᠡᠪᠡᠷᠰᠢᠭᠦᠯᠦᠭᠰᠡᠨ ᠤᠰᠤ ᠬᠡᠷᠡᠭᠯᠡᠬᠦ ᠶᠢ ᠠᠬᠢᠭᠤᠯᠵᠤ᠂ ᠪᠡᠭᠡᠵᠢᠩ ᠤᠨ ᠵᠢᠩ ᠨᠧᠩ | ᠴᠠᠬᠢᠯᠭᠠᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠤᠰᠤ ᠠᠷᠪᠢᠯᠠᠬᠤ | ᠥᠭᠡᠷᠡᠴᠢᠯᠡᠯᠲᠡ ᠶᠢᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠪᠠ︔ ᠠᠮᠢ ᠠᠬᠤᠢ ᠲᠠᠷᠢᠶᠠᠯᠠᠩ ᠤᠨ ᠬᠦᠷᠢᠶ᠎ᠡ ᠴᠠᠷᠠᠭᠠᠨ ᠳᠤ ᠬᠠᠭᠤᠷᠠᠢ ᠶᠢᠨ ᠲᠠᠷᠢᠮᠠᠯ ᠤᠨ | ᠲᠠᠷᠢᠶᠠᠯᠠᠩ ᠪᠠ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠪᠡ︔ ᠬᠤᠲᠠ ᠪᠠᠯᠭᠠᠰᠤ ᠶᠢᠨ ᠤᠰᠤ ᠬᠡᠷᠡᠭᠯᠡᠬᠦ ᠬᠦᠷᠢᠶ᠎ᠡ ᠴᠠᠷᠠᠭᠠᠨ ᠳᠤ ᠤᠰᠤᠨ ᠤ | ᠱᠠᠲᠤᠯᠢᠭ ᠦᠨ᠎ᠡ᠂ ᠨᠣᠷᠮ᠎ᠠ ᠠᠴᠠ ᠬᠡᠲᠦᠷᠡᠪᠡᠯ ᠠᠬᠢᠭᠤᠯᠤᠨ ᠪᠤᠳᠤᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠵᠦ᠂ ᠵᠢᠯ ᠳᠤ 5000 ᠺᠦᠪ ᠮᠧᠲᠷ ᠠᠴᠠ | ᠳᠡᠭᠡᠭᠰᠢᠬᠢ ᠤᠰᠤ ᠬᠡᠷᠡᠭᠯᠡᠬᠦ ᠲᠣᠮᠣ ᠡᠷᠦᠬᠡ ᠳᠤ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠣᠯᠠᠨ ᠰᠠᠭᠤᠭᠠᠯᠢ ᠲᠣᠭᠤᠷᠢᠭ ᠤᠨ | ᠬᠤᠶᠠᠳᠤᠭᠠᠷ ᠳᠡᠰ ᠤᠨ ᠤᠰᠤ ᠬᠠᠩᠭᠠᠬᠤ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠪᠡ᠃ ᠭᠤᠷᠪᠠ ᠳᠤ᠂ ᠤᠰᠤ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠪᠠ᠃ | ᠴᠢᠩᠭ᠎ᠠ ᠬᠢᠵᠠᠭᠠᠷᠯᠠᠯ ᠤᠨ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ | 5% ᠠᠴᠠ ᠳᠡᠭᠡᠭᠰᠢ ᠪᠠᠭᠤᠷᠠᠭᠤᠯᠬᠤ ᠵᠡᠷᠭᠡ ᠤᠰᠤ ᠠᠷᠪᠢᠯᠠᠬᠤ ᠬᠠᠷᠠᠯᠲᠠ ᠶᠢ ᠲᠣᠳᠣᠷᠬᠠᠶᠢᠯᠠᠪᠠ᠃ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ | ᠤᠰᠤ ᠠᠷᠪᠢᠯᠠᠬᠤ ᠣᠨᠣᠯᠵᠢᠬᠤᠨ ᠢ ᠪᠠᠶᠢᠭᠤᠯᠭ᠎ᠠ᠂ ᠠᠵᠤ ᠠᠬᠤᠶᠢᠯᠠᠯ ᠪᠠ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠪᠠ᠃ | |