ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ ​ᠢᠦᠢ ᠬᠠᠢ ᠢᠦᠢ  ᠯᠢᠦ ᠪᠥᠸᠧ  ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/5/14
      5 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠪᠡᠭᠡᠵᠢᠩ ᠳᠤ ᠬᠤᠷᠠᠯᠳᠤᠪᠠ᠃ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠢᠦᠢ ᠬᠠᠢ ᠢᠦᠢ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶ ᠶᠢᠨ ᠵᠠᠬᠢᠷᠤᠯ ᠯᠢᠦ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠦ᠋ ᠴᠢᠶᠠᠩ‌ᠬᠤᠷᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠵᠠᠩ ᠰᠢᠸ ᠯᠢᠩ ᠬᠤᠷᠠᠯ ᠢ ᠡᠷᠭᠢᠯᠡᠪᠡ᠃         ᠬᠤᠷᠠᠯ ᠠᠴᠠ ᠰᠤᠳᠤᠯᠭᠠᠨ ᠤ ᠬᠦᠷᠢᠶᠡᠯᠡᠩ ᠤᠨ ᠬᠡᠷᠡᠭ ᠡᠷᠬᠢᠯᠡᠭᠴᠢᠳ ᠤᠨ ᠬᠤᠷᠠᠯ ᠤᠨ ᠪᠦᠷᠢᠯᠳᠦᠭᠦᠨ ᠳᠤ ᠲᠣᠬᠢᠷᠠᠭᠤᠯᠤᠯᠲᠠ ᠬᠢᠬᠦ ᠲᠥᠰᠥᠯ᠂ ᠵᠠᠷᠤᠳᠠᠯ ᠢ ᠬᠡᠷᠡᠭᠯᠡᠭᠰᠡᠨ ᠪᠠᠶᠢᠳᠠᠯ᠂ 2024 ᠣᠨ ᠤ ᠠᠵᠢᠯ ᠤᠨ ᠮᠡᠳᠡᠭᠦᠯᠦᠯᠲᠡ ᠵᠢᠴᠢ 2025 ᠣᠨ ᠤ ᠠᠵᠢᠯ ᠤᠨ ᠲᠥᠯᠥᠪᠯᠡᠭᠡ ᠶᠢ ᠬᠢᠨᠠᠨ ᠵᠥᠪᠯᠡᠵᠦ ᠪᠠᠲᠤᠯᠠᠭᠠᠳ᠂︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠰᠡᠳᠬᠢᠮᠵᠢ ᠶᠢ ᠶᠠᠷᠢᠯᠴᠠᠪᠠ᠃         ᠢᠦᠢ ᠬᠠᠢ ᠢᠦᠢ ᠰᠤᠳᠤᠯᠭᠠᠨ ᠤ ᠬᠦᠷᠢᠶᠡᠯᠡᠩ ᠤᠨ ᠠᠵᠢᠯ ᠤᠨ ᠠᠮᠵᠢᠯᠲᠠ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠣᠷᠳᠣᠰ ᠬᠤᠳᠠ ᠪᠣᠯ ᠥᠪᠥᠷ ᠮᠣᠩᠭᠤᠯ ᠤᠨ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠭᠤᠣᠯ ᠣᠷᠣᠨ ᠪᠣᠯᠣᠨ᠎ᠠ᠂ ᠣᠳᠣᠬᠠᠨ ᠳᠤ ᠶᠠᠭ ᠰᠢ ᠶᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ ︽ᠲᠦᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ᠃ ᠰᠤᠷᠭᠠᠭᠤᠯᠢ ᠪᠠ ᠣᠷᠣᠨ ᠨᠤᠲᠤᠭ ᠤᠨ  ᠬᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠤᠳᠤᠯᠭᠠᠨ ᠤ ᠬᠦᠷᠢᠶᠡᠯᠡᠩ ᠤᠨ ᠴᠢᠳᠠᠮᠵᠢ ᠶᠢᠨ ᠲᠡᠰ ᠳᠠᠪᠰᠢᠯᠲᠠ᠂ ᠡᠨᠧᠷᠭᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠤ ᠪᠠᠶᠢᠨ᠎ᠠ᠃ ︽ᠬᠤᠣᠰ ᠡᠭᠦᠳᠦᠯᠲᠡ ᠶᠢ ᠠᠭᠤᠰᠤᠯᠴᠠᠭᠤᠯᠬᠤ︾ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠦᠴᠦᠯᠡᠬᠦ ᠴᠡᠭ ᠢ ᠭᠤᠣᠯᠳᠠᠭᠤ ᠠᠵᠤ ᠦᠢᠯᠡᠰ ᠤᠨ ᠰᠢᠨ᠎ᠡ ᠶᠢ ᠡᠭᠦᠳᠬᠦ ᠳᠡᠭᠡᠷ᠎ᠡ ᠲᠠᠯᠪᠢᠵᠤ᠂ ᠭᠤᠣᠯᠳᠠᠯᠭ᠎ᠠ ᠶᠢ ᠲᠣᠪᠤᠶᠢᠯᠭᠠᠨ᠂ ᠣᠨᠣᠪᠴᠢᠲᠠᠢ ᠪᠠᠷ ᠬᠦᠴᠦᠯᠡᠵᠦ᠂ ᠰᠢᠨ᠎ᠡ ᠶᠢ ᠡᠭᠦᠳᠬᠦ ᠪᠠᠶᠢᠳᠠᠯ ᠴᠢᠳᠠᠮᠵᠢ ᠶᠢ ᠠᠵᠤ ᠦᠢᠯᠡᠰ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠦᠨᠡᠨᠬᠦ ᠲᠦᠷᠭᠡᠳᠬᠡᠬᠦ ᠬᠡᠷᠡᠭᠲᠡᠢ᠃ ᠲᠡᠷᠢᠭᠦᠨ ᠤ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠭᠦᠷᠡᠰᠦ ᠶᠢ ᠠᠮᠤᠷ ᠲᠦᠪᠰᠢᠨ ᠢᠶᠠᠷ ᠨᠡᠭᠡᠭᠡᠨ ᠮᠠᠯᠲᠠᠬᠤ᠂ ᠠᠭᠤᠷᠬᠠᠢ ᠶᠢᠨ ᠬᠤᠳᠳᠤᠭ ᠤᠨ ᠤᠰᠤ ᠶᠢ ᠠᠰᠢᠭᠯᠠᠬᠤ᠂ ᠭᠦᠨ ᠬᠡᠰᠡᠭ ᠤᠨ ᠨᠡᠭᠦᠷᠡᠰᠦ ᠶᠢ ᠬᠡᠢ ᠪᠣᠯᠭᠠᠬᠤ ᠵᠡᠷᠭᠡ ᠬᠦᠷᠢᠶ᠎ᠡ ᠴᠠᠷᠠᠭᠠᠨ ᠳᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠤᠨ ᠠᠰᠢᠭᠯᠠᠬᠤ ᠶᠢ ᠴᠢᠩᠭᠠᠳᠬᠠᠵᠤ᠂ ᠰᠤᠳᠤᠯᠭᠠᠨ ᠤ ᠬᠦᠷᠢᠶᠡᠯᠡᠩ ᠢ ᠡᠨᠧᠷᠭᠢ ᠠᠭᠤᠷᠬᠠᠢ ᠶᠢᠨ ᠭᠠᠷᠤᠯᠲᠠ ᠶᠢᠨ ᠬᠦᠷᠢᠶᠡᠨ ᠳᠠᠬᠢ ᠨᠡᠩ ᠶᠡᠭᠡ ᠨᠥᠯᠥᠭᠡᠯᠡᠬᠦ ᠬᠦᠴᠦᠨ ᠲᠠᠢ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠰᠤᠷᠭᠠᠭᠤᠯᠢ ᠣᠷᠣᠨ ᠨᠤᠲᠤᠭ ᠬᠠᠮᠲᠤᠪᠠᠷ ᠠᠰᠢᠭ ᠬᠦᠷᠲᠡᠵᠦ ᠬᠥᠭᠵᠢᠯᠲᠡ ᠶᠢ ᠡᠷᠢᠯᠬᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠯᠠᠪᠯᠠᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠯᠵᠢᠶᠠᠴᠢᠨ ᠤᠷᠢᠬᠤ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠡᠪ ᠳᠠᠭᠤᠷᠢᠶᠠᠯ ᠢ ᠡᠭᠦᠳᠬᠦ ᠬᠡᠷᠡᠭᠲᠡᠢ ᠭᠡᠪᠡ᠃            ᠯᠢᠦ ᠪᠥᠸᠧ ᠣᠷᠳᠣᠰ ᠬᠤᠳᠠ ᠶᠢᠨ ᠰᠤᠳᠤᠯᠭᠠᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶ ᠣᠷᠳᠣᠰ ᠬᠤᠳᠠ  ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠨᠡᠩ ᠥᠨᠳᠥᠷ ᠲᠡᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠬᠠᠮᠵᠢᠯᠴᠠᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠳᠬᠠᠵᠤ᠂ ᠨᠡᠩ ᠤᠯᠠᠨ ᠳᠡᠭᠡᠳᠦ ᠲᠡᠰ ᠤᠨ ᠴᠢᠳᠠᠪᠤᠷᠢᠲᠠᠨ ᠢ ᠬᠠᠮᠲᠤᠷᠠᠨ ᠬᠥᠮᠥᠵᠢᠭᠦᠯᠵᠦ᠂ ᠰᠤᠳᠤᠯᠭᠠᠨ ᠤ ᠬᠦᠷᠢᠶᠡᠯᠡᠩ ᠤᠨ ᠪᠦᠬᠦ᠋ᠢᠯᠡ ᠴᠣᠭᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠢ ᠳᠡᠭᠡᠭᠰᠢᠯᠡᠭᠦᠯᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠪᠣᠯᠣᠨ ᠣᠷᠣᠨ ᠨᠤᠲᠤᠭ ᠤᠨ ᠬᠥᠭᠵᠢᠯᠲᠡ ᠶᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠪᠡ᠃ 
图片1.png
 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ