ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ | ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ ᠤᠯᠤᠰ ᠤᠨ ᠬᠢᠨ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ᠂ ᠬᠥᠭᠵᠢᠯᠲᠡ ᠮᠠᠨᠳᠤᠯᠲᠠ ᠶᠢ ᠬᠠᠮᠲᠤ ᠪᠠᠷ ᠰᠦᠪᠡᠭᠴᠢᠯᠡᠵᠦ᠂ | ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ | ᠨᠡᠶᠢᠲᠡᠯᠡᠪᠡ᠃ | | | | | 5 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ ᠲᠥᠪ ᠲᠤ ᠳᠤᠮᠳᠠᠳᠤ | ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ | ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ︵ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ︶ | | | ᠵᠤᠨ ᠤ ᠡᠬᠢ ᠪᠠᠷ ᠡᠬᠡ ᠪᠠᠶᠢᠭᠠᠯᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ᠂ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠲᠤᠭ ᠵᠢᠴᠢ ᠬᠤᠯᠪᠣᠭᠳᠠᠯ ᠪᠦᠬᠦᠢ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠤᠭ ᠰᠠᠯᠬᠢᠨ ᠤ | ᠠᠶ᠎ᠠ ᠪᠠᠷ ᠨᠠᠮᠢᠷᠠᠨ᠎ᠠ᠃ | ᠰᠢ ᠶᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ | ᠺᠣᠯᠣᠮᠪᠢᠶ᠎ᠠ ᠶᠢᠨ ᠶᠡᠷᠦᠩᠬᠡᠶᠢᠯᠡᠭᠴᠢ ᠫᠧᠲᠷᠤ᠋᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠴᠢᠯᠢ ᠶᠢᠨ ᠶᠡᠷᠦᠩᠬᠡᠶᠢᠯᠡᠭᠴᠢ ᠪᠦᠧᠧᠯᠢᠴᠢ᠂ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠵᠢᠴᠢ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠲᠠᠢ ᠳᠣᠲᠣᠨᠣ ᠪᠠᠷ ᠭᠠᠷ | ᠠᠳᠬᠤᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠪᠠ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ︽ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠢ ᠶᠢᠨ ᠫᠢᠩ᠂ 2015 ᠣᠨ ᠳᠤ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠥᠯᠥᠭᠡᠯᠡᠭᠴᠢᠳ ᠲᠠᠢ ᠬᠠᠮᠲᠤ ᠪᠠᠷ ᠪᠡᠭᠡᠵᠢᠩ ᠳᠤ | ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ | ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ ᠲᠤᠩᠬᠠᠭᠯᠠᠪᠠ᠃ 10 ᠵᠢᠯ ᠤᠨ ᠲᠤᠷᠰᠢ ᠬᠤᠶᠠᠷ ᠲᠠᠯ᠎ᠠ ᠶᠢᠨ ᠨᠢᠮᠪᠠᠢ | ᠪᠣᠶᠢᠵᠢᠭᠤᠯᠤᠯᠲᠠ ᠳᠣᠣᠷ᠎ᠠ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ | ᠨᠢ ᠨᠢᠭᠡᠨ ᠨᠢᠯᠬ᠎ᠠ ᠴᠢᠬᠢ ᠪᠠᠶᠢᠭᠰᠠᠨ ᠠᠴᠠ ᠪᠠᠨ ᠲᠣᠮᠣ ᠮᠣᠳᠣ ᠪᠣᠯᠵᠤ ᠪᠣᠶᠢᠵᠢᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠮᠥᠷᠥ ᠵᠡᠷᠭᠡᠴᠡᠵᠦ᠂ | ᠬᠠᠷᠢᠯᠴᠠᠨ ᠳᠡᠮᠵᠢᠵᠦ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢᠮᠠᠭᠲᠠ ᠨᠢᠭᠡ ᠳᠤᠮᠳᠠᠳᠤ ᠤᠯᠤᠰ | ᠪᠠᠶᠢᠬᠤ ᠵᠠᠷᠴᠢᠮ ᠢ ᠪᠠᠷᠢᠮᠲᠠᠯᠠᠵᠤ᠂ ᠲᠤᠮᠳᠠᠳᠤ ᠶᠢᠨ ᠲᠠᠯ᠎ᠠ ᠶᠢᠨ ᠬᠢᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠤᠰ ᠤᠯᠤᠰ ᠤᠨ ᠢᠶᠠᠨ | ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠡᠷᠬᠡ | ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ᠂ ᠭᠠᠳᠠᠭᠠᠳᠤ ᠶᠢᠨ ᠬᠢᠨ ᠤ ᠭᠠᠷ ᠲᠦᠷᠦᠭᠦ ᠶᠢ ᠡᠰᠡᠷᠭᠦᠴᠡᠪᠡ︔ ᠬᠤᠶᠠᠷ ᠲᠠᠯ᠎ᠠ ᠪᠠᠷ ᠢᠶᠠᠨ | ᠤᠷᠤᠰᠬᠠᠯ ᠤᠨ ᠡᠮᠦᠨ᠎ᠡ ᠬᠤᠰᠢᠭᠤᠷᠠᠨ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ | ᠠᠷᠠᠯᠵᠢᠶ᠎ᠠ᠂ ᠪᠡᠯᠡ ᠣᠷᠣᠭᠤᠯᠤᠯᠲᠠ᠂ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ | ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠪᠠ︔ ᠬᠤᠶᠠᠷ ᠲᠠᠯ᠎ᠠ ᠪᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤ ᠪᠠᠷ | ᠲᠤᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠳᠠᠯᠠᠢ ᠶᠢᠨ ᠰᠢᠭᠤᠷᠭ᠎ᠠ᠂ | ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠪᠠ ᠡᠷᠢᠨ ᠵᠠᠭᠤᠨ ᠤ ᠬᠢᠵᠢᠭ ᠤᠨ ᠪᠠᠶᠢᠳᠠᠯ ᠢ ᠭᠠᠷ ᠬᠤᠯᠪᠣᠨ ᠠᠷᠭᠠᠴᠠᠭᠠᠪᠠ︔ ᠬᠤᠶᠠᠷ ᠲᠠᠯ᠎ᠠ ᠪᠠᠷ ᠢᠶᠠᠨ | ᠪᠦᠯᠬᠦᠮᠳᠡᠨ ᠬᠠᠮᠵᠢᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ᠂ ᠳᠡᠯᠡᠬᠡᠢ ᠶᠢᠨ | ᠤᠯᠠᠨ ᠲᠤᠶᠢᠯᠵᠢᠯ ᠪᠣᠯᠣᠨ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯ ᠢ ᠠᠬᠢᠭᠤᠯᠪᠠ᠃ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠨᠢᠭᠡᠨᠲᠡ ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠭᠰᠠᠨ ᠢ ᠪᠣᠳᠠᠲᠤ ᠶᠠᠪᠤᠳᠠᠯ ᠭᠡᠷᠡᠴᠢᠯᠡᠪᠡ᠃ | ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ ᠬᠠᠨᠳᠤᠯᠴᠠᠬᠤ ᠪᠣᠯᠣᠨ᠎ᠠ᠂ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠪᠣᠯᠣᠨ᠎ᠠ᠂ ᠬᠡᠬᠦᠳᠡᠭ ᠴᠡᠭᠡᠵᠢ ᠳᠡᠭᠡᠨ ᠪᠠᠭᠲᠠᠭᠠᠵᠤ ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭᠠᠮᠵᠢᠲᠠᠢ᠂ ᠦᠨᠳᠦᠰᠦᠨ | ᠬᠥᠭᠡᠭᠡᠴᠡᠯᠳᠦᠯ ᠪᠣᠯ ᠠᠷᠠᠳ ᠲᠦᠮᠡᠨ ᠳᠤ ᠪᠤᠶᠠᠨ ᠦᠢᠯᠡᠳᠬᠦ ᠪᠠᠶᠢᠵᠤ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ | ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ ᠭᠡᠵᠦ ᠵᠢᠭᠠᠵᠤ ᠭᠠᠷᠭᠠᠪᠠ᠃ | | | | | | 5 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ ᠲᠥᠪ ᠲᠤ ᠳᠤᠮᠳᠠᠳᠤ | ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ | ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠵᠢᠷᠤᠭ ᠪᠣᠯ ᠰᠢ ᠶᠢᠨ ᠫᠢᠩ | ᠪᠣᠯᠣᠨ ᠬᠤᠷᠠᠯ ᠳᠤ ᠣᠷᠣᠯᠴᠠᠬᠰᠠᠨ ᠵᠣᠴᠢᠳ ᠬᠠᠮᠲᠤ ᠶᠢᠨ ᠰᠡᠭᠦᠳᠡᠷ ᠲᠠᠲᠠᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ | ᠰᠡᠭᠦᠳᠡᠷᠯᠡᠪᠡ︶ | | | ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ | ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ᠃ ᠡᠯ᠎ᠡ ᠤᠯᠤᠰ ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ | ᠲᠣᠭᠲᠠᠭᠤᠨ ᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠳᠠᠶᠢᠨ᠂ ᠠᠷᠠᠯᠵᠢᠶᠠᠨ ᠤ | ᠳᠠᠶᠢᠨ ᠳᠤ ᠢᠯᠠᠭᠴᠢ ᠪᠠᠶᠢᠬᠤ ᠦᠭᠡᠢ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ ᠭᠠᠭᠴᠠᠭᠠᠷᠳᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠪᠣᠯ ᠴᠥᠮ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ᠂ ᠪᠡᠶ᠎ᠡ ᠪᠠᠨ | ᠳᠠᠭᠠᠭᠠᠵᠤ ᠡᠵᠡᠨ ᠮᠡᠳᠡᠬᠦ ᠪᠣᠯ ᠮᠠᠨ ᠤ ᠢᠷᠠᠭᠤ ᠠᠯᠳᠠᠷᠲᠤ ᠤᠯᠠᠮᠵᠢᠯᠠᠯ ᠮᠥᠨ᠂ ᠬᠥᠭᠵᠢᠯ ᠮᠠᠨᠳᠤᠯ ᠪᠣᠯ ᠪᠢᠳᠡᠨ ᠤ ᠲᠥᠷᠥᠯᠬᠢ ᠡᠷᠬᠡ ᠮᠥᠨ᠂ ᠲᠥᠪ ᠭᠤᠣᠯᠴᠢ | ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ᠂ ᠬᠥᠭᠵᠢᠯ ᠮᠠᠨᠳᠤᠯ ᠢ ᠬᠠᠮᠲᠤ ᠪᠠᠷ ᠡᠷᠢᠯᠬᠢᠯᠡᠵᠦ᠂ ᠳᠤᠮᠳᠠᠳᠤ ᠤᠯᠤᠰ - ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ᠃ | ᠨᠢᠭᠡ ᠪᠣᠯ ᠪᠦᠯᠬᠦᠮᠳᠡᠯ ᠤᠨ ᠢᠨᠵᠧᠨᠧᠷᠢᠩ᠃ ᠦᠷᠭᠦᠯᠵᠢᠯᠡᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ | ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ | ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠪᠠ | ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ ᠬᠠᠮᠲᠤ ᠶᠢᠨ ᠳᠠᠭᠤᠨ ᠢᠶᠠᠨ ᠴᠤᠤᠷᠢᠶᠠᠲᠤᠭᠤᠯᠤᠨ᠎ᠠ᠃ ᠢᠷᠡᠬᠦ 3 ᠵᠢᠯ ᠳᠤ ᠳᠤᠮᠳᠠᠳᠤ ᠤᠯᠤᠰ ᠵᠢᠯ ᠪᠦᠷᠢ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ 300 ᠲᠦᠷᠦ ᠶᠢᠨ ᠨᠠᠮ ᠤᠨ ᠺᠠᠳ᠋ᠷ ᠢ ᠤᠷᠢᠵᠤ | ᠳᠤᠮᠳᠠᠳᠤ ᠤᠯᠤᠰ ᠲᠤ ᠰᠢᠨᠵᠢᠯᠡᠨ ᠪᠠᠶᠢᠴᠠᠭᠠᠯᠭᠠᠵᠤ ᠠᠶᠢᠯᠴᠢᠯᠠᠯᠲᠠ ᠬᠢᠯᠭᠡᠨ᠎ᠡ᠃ | ᠬᠤᠶᠠᠷ ᠪᠣᠯ ᠬᠥᠭᠵᠢᠯᠲᠡ ᠶᠢᠨ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠤᠯᠠᠨ | ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ | ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠨ᠎ᠠ᠃ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ | ᠭᠦᠨᠵᠡᠭᠡᠢ ᠠᠬᠢᠭᠤᠯᠤᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ᠂ | ᠳᠤᠮᠳᠠᠳᠤ ᠤᠯᠤᠰ ᠤᠨ ᠠᠵᠤ ᠠᠬᠤᠶᠢᠯᠠᠯ ᠤᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠬᠢ ᠪᠡᠯᠡ ᠣᠷᠣᠭᠤᠯᠤᠯᠲᠠ ᠪᠠᠨ ᠥᠷᠭᠡᠳᠬᠡᠬᠦ ᠶᠢ | ᠵᠣᠷᠢᠭᠵᠢᠭᠤᠯᠤᠨ᠎ᠠ᠃ | ᠭᠤᠷᠪᠠ ᠪᠣᠯ ᠪᠣᠯᠪᠠᠰᠤᠨ ᠤ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠡᠷᠬᠡ ᠲᠡᠭᠰᠢ᠂ | ᠬᠠᠷᠢᠯᠴᠠᠨ ᠲᠣᠯᠢᠯᠠᠬᠤ᠂ ᠶᠠᠷᠢᠯᠴᠠᠭ᠎ᠠ᠂ ᠪᠠᠭᠲᠠᠭᠠᠮᠵᠢᠲᠠᠢ ᠪᠣᠯᠪᠠᠰᠤᠨ ᠤ ᠦᠵᠡᠯᠲᠡ ᠶᠢ ᠪᠤᠢ ᠪᠤᠯᠭᠠᠵᠤ᠂ ᠡᠩᠬᠡ ᠲᠠᠶᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ | ᠶᠣᠰᠣ᠂ ᠠᠷᠠᠳᠴᠢᠯᠠᠯ᠂ ᠡᠷᠬᠡ ᠴᠢᠯᠦᠭᠡ ᠲᠠᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ ᠢ ᠡᠷᠭᠢᠯᠡᠨ᠎ᠡ᠃ | ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ᠃ ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ | ᠭᠠᠮᠰᠢᠭ ᠤᠨ ᠰᠦᠢᠳᠦᠯ ᠢ ᠵᠠᠰᠠᠬᠤ᠂ ᠰᠦᠯᠵᠢᠶᠡᠨ ᠤ ᠠᠮᠤᠷ ᠲᠦᠪᠰᠢᠨ᠂ ᠰᠦᠷᠳᠡᠭᠦᠯᠦᠯ ᠢ ᠡᠰᠡᠷᠭᠦᠴᠡᠬᠦ᠂ ᠢᠯᠵᠢᠷᠡᠯ ᠢ ᠡᠰᠡᠷᠭᠦᠴᠡᠬᠦ᠂ ᠬᠤᠣᠷ ᠴᠠᠭᠠᠵᠠᠯᠠᠬᠤ᠂ ᠤᠯᠤᠰ | ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠶᠢ ᠴᠢᠩᠭᠠᠳᠬᠠᠵᠤ᠂ ᠭᠠᠵᠠᠷ ᠣᠷᠣᠨ ᠤ ᠠᠮᠤᠷ | ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ᠃ | ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ᠃ ᠢᠷᠡᠬᠦ 3 ᠵᠢᠯ ᠳᠤ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ᠂ 1 ᠲᠦᠮᠡᠨ ᠳᠤᠮᠳᠠᠳᠤ | ᠤᠯᠤᠰ ᠲᠤ ᠢᠷᠡᠵᠦ ᠪᠣᠯᠪᠠᠰᠤᠷᠠᠯ ᠭᠦᠷᠳᠡᠭᠦ ᠣᠷᠣᠨ ᠲᠤᠭ᠎ᠠ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ ᠰᠤᠷᠤᠯᠭ᠎ᠠ ᠶᠢᠨ ᠱᠠᠩᠨᠠᠯ ᠤᠨ ᠣᠷᠣᠨ | ᠲᠤᠭ᠎ᠠ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠣᠷᠣᠨ ᠲᠤᠭ᠎ᠠ᠂ 1000 ︽ᠬᠢᠲᠠᠳ | ᠬᠡᠯᠡᠨ ᠤ ᠬᠥᠭᠦᠷᠭᠡ︾ ᠶᠢᠨ ᠲᠦᠷᠦᠯ ᠵᠦᠢᠯ ᠤᠨ ᠳᠤᠮᠳᠠᠳᠤ ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ᠂ 300 ︽ᠪᠠᠭ᠎ᠠ | ᠮᠥᠷᠲᠡᠭᠡᠨ ᠭᠤᠶᠢᠳᠠ︾ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ | ᠺᠠᠷᠢᠪᠧ ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ | ᠤᠯᠤᠰ ᠤᠳ ᠤᠨ ᠪᠦᠷᠬᠦᠴᠡ ᠶᠢᠨ ᠬᠡᠪᠴᠢᠶ᠎ᠡ ᠶᠢ ᠵᠣᠬᠢᠰᠲᠠᠢ ᠴᠠᠭ ᠲᠤ ᠥᠷᠭᠡᠳᠬᠡᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ᠂ ᠰᠠᠶᠢᠨ ᠬᠠᠨᠢᠲᠠᠨ ᠪᠣᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠲᠤᠰ ᠲᠤᠰ ᠤᠨ | ᠣᠳᠣᠬᠢᠴᠢᠯᠠᠯᠲᠠ ᠶᠢᠨ ᠠᠶᠠᠨ ᠳᠠᠭᠠᠨ ᠮᠥᠷᠥ ᠵᠡᠷᠭᠡᠴᠡᠨ ᠤᠷᠤᠭᠰᠢᠯᠠᠵᠤ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠭᠡᠵᠦ ᠴᠢᠬᠤᠴᠢᠯᠠᠪᠠ᠃ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠶᠢᠨ | ᠶᠡᠷᠦᠩᠬᠡᠶᠢᠯᠡᠭᠴᠢ ᠫᠧᠲᠷᠤ᠋᠂ ᠪᠷᠠᠽᠢᠯ ᠤᠨ ᠶᠡᠷᠦᠩᠬᠡᠶᠢᠯᠡᠭᠴᠢ ᠯᠦᠯᠠ᠂ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ | ᠳᠠᠷᠤᠭ᠎ᠠ᠂ ᠪᠷᠠᠽᠢᠯ ᠤᠨ ᠤᠤᠯ ᠤᠨ ᠶᠡᠷᠦᠩᠬᠡᠶᠢᠯᠡᠭᠴᠢ ᠷᠤᠰᠤᠹ ᠲᠤᠰ ᠲᠤᠰ ᠪᠠᠶᠠᠷ ᠤᠨ ᠦᠭᠡ ᠬᠡᠯᠡᠪᠡ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠲᠤᠰᠢᠶᠠᠯ ᠳᠤ ᠭᠠᠷᠬᠤ ᠪᠠᠷ ᠪᠠᠶᠢᠭ᠎ᠠ ᠵᠢᠵᠢᠭᠦᠷ ᠲᠡᠷᠢᠭᠦᠯᠡᠭᠴᠢ ᠤᠯᠤᠰ ᠦᠷᠥ᠋ᠭᠤᠸᠠᠢ ᠶᠢᠨ ᠶᠡᠷᠦᠩᠬᠡᠶᠢᠯᠡᠭᠴᠢ ᠤᠤᠷᠰᠢ ᠶᠢᠨ ᠣᠨᠴᠠᠭᠠᠢ | ᠲᠥᠯᠥᠭᠡᠯᠡᠭᠴᠢ ᠠᠴᠠ ᠶᠡᠷᠦᠩᠬᠡᠶᠢᠯᠡᠭᠴᠢ ᠶᠢᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃ ᠲᠡᠳᠡ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ - | ᠳᠤᠮᠳᠠᠳᠤ ᠤᠯᠤᠰ ᠤᠨ ᠶᠠᠷᠢᠶᠠᠨ ᠤ ᠲᠠᠪᠴᠠᠩ ᠤᠨ 10 ᠵᠢᠯ ᠤᠨ ᠬᠥᠭᠵᠢᠯᠲᠡ ᠶᠢᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ | ᠦᠨᠡᠯᠡᠵᠦ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ - ᠳᠤᠮᠳᠠᠳᠤ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ᠂ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠳᠤᠮᠳᠠᠳᠤ ᠤᠯᠤᠰ ᠤᠨ ᠴᠢᠬᠤᠯᠠ ᠶᠡᠭᠡ ᠬᠤᠪᠢ | ᠨᠡᠮᠡᠷᠢ ᠶᠢ ᠮᠠᠭᠲᠠᠨ ᠰᠠᠶᠢᠰᠢᠶᠠᠪᠠ᠃ ᠡᠯ᠎ᠡ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠳᠡᠮᠵᠢᠬᠦ ᠪᠠᠨ ᠳᠠᠪᠲᠠᠨ ᠢᠯᠡᠷᠬᠡᠶᠢᠯᠡᠪᠡ᠃ ᠡᠯ᠎ᠡ | ᠲᠠᠯ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠨᠢ ᠳᠡᠯᠡᠬᠡᠢ ᠳ᠋ᠠᠬᠢᠨ ᠳᠤ ᠡᠩᠬᠡ ᠲᠠᠶᠢᠪᠤᠩ ᠬᠥᠭᠵᠢᠯ ᠴᠡᠴᠡᠭᠯᠡᠯ ᠲᠠᠪᠰᠢᠯᠳᠠ ᠶᠢᠨ | ᠭᠡᠭᠡᠨ ᠰᠠᠷᠠᠭᠤᠯ ᠢᠷᠡᠭᠡᠳᠦᠢ ᠶᠢ ᠨᠡᠭᠡᠭᠡᠵᠦ ᠥᠭᠴᠡᠢ᠃ ᠲᠣᠬᠳᠠᠭᠠᠯᠳᠦ ᠪᠤᠰᠤ ᠳᠡᠯᠡᠬᠡᠢ ᠶᠢᠷᠲᠢᠨᠴᠦ ᠳᠤ ᠬᠠᠨᠳᠤᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ - ᠳᠤᠮᠳᠠᠳᠤ ᠤᠯᠤᠰ ᠭᠠᠷ ᠬᠤᠯᠪᠣᠨ ᠬᠠᠮᠲᠤᠷᠠᠯᠴᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ - ᠳᠤᠮᠳᠠᠳᠤ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠤᠯᠬᠤ ᠶᠢ | ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ - ᠳᠤᠮᠳᠠᠳᠤ ᠤᠯᠤᠰ ᠤᠨ ᠬᠠᠮᠲᠤᠷᠠᠯᠴᠠᠭᠠᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ | ᠴᠣᠭᠴᠠᠯᠠᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ - ᠳᠤᠮᠳᠠᠳᠤ ᠤᠯᠤᠰ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ᠂ | ᠨᠦᠭᠦᠭᠡ ᠡᠲᠡᠭᠡᠳ ᠤᠨ ᠢᠶᠠᠨ ᠡᠷᠬᠡ ᠮᠡᠳᠡᠯ ᠢᠶᠠᠨ ᠬᠠᠮᠠᠭᠠᠯᠠᠬᠤ ᠪᠠ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠣᠩᠭᠤᠬᠤ ᠶᠢ ᠡᠷᠡᠰ ᠳᠡᠮᠵᠢᠨ᠎ᠠ︔ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠡᠯ᠎ᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠰᠢᠨ᠎ᠡ ᠡᠨᠧᠷᠭᠢ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠶᠢ ᠪᠡᠶᠡᠯᠡᠭᠦᠯᠦᠨ᠎ᠡ︔ ᠪᠣᠯᠪᠠᠰᠤᠨ ᠤ ᠰᠣᠯᠢᠯᠴᠠᠭ᠎ᠠ ᠶᠠᠷᠢᠯᠴᠠᠭ᠎ᠠ ᠶᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ - ᠳᠤᠮᠳᠠᠳᠤ | ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠬᠢᠭᠤᠯᠤᠨ᠎ᠠ︔ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠠᠭᠠᠯᠠᠵᠤ᠂ ᠤᠯᠠᠨ | ᠲᠠᠯᠠᠲᠤ ᠦᠵᠡᠯ᠂ ᠴᠢᠯᠦᠭᠡᠲᠦ ᠠᠷᠠᠯᠵᠢᠶ᠎ᠠ ᠶᠢ ᠳᠡᠮᠵᠢᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠬᠦᠴᠦᠷᠬᠡᠭᠯᠡᠯ ᠤᠨ ᠤᠯᠤᠰ ᠲᠦᠷᠦ ᠪᠠ ᠡᠵᠡᠷᠬᠡᠵᠦ | ᠳᠠᠷᠤᠯᠠᠬᠤ ᠠᠵᠢᠯᠯᠠᠭ᠎ᠠ ᠶᠢ ᠡᠰᠡᠷᠭᠦᠴᠡᠨ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ | ᠢᠯᠡᠳᠬᠡᠵᠡᠭᠡᠪᠡ᠃ | ᠲᠤᠰ ᠡᠳᠦᠷ ᠤᠨ ᠦᠳᠡ ᠳᠤ ᠰᠢ ᠶᠢᠨ ᠫᠢᠩ ᠬᠤᠷᠠᠯ ᠳᠤ ᠣᠷᠣᠯᠴᠠᠬᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠤ | ᠤᠳᠤᠷᠢᠳᠬᠤ ᠬᠥᠮᠥᠰ ᠵᠢᠴᠢ ᠡᠯ᠎ᠡ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠶᠢ ᠤᠭᠲᠤᠬᠤ ᠳᠠᠶᠢᠯᠠᠯᠭ᠎ᠠ ᠬᠢᠪᠡ᠃ | ᠼᠠᠢ ᠴᠢ᠂ ᠶᠢᠨ ᠯᠢ ᠨᠠᠷ ᠳᠡᠭᠡᠷ᠎ᠡ ᠳᠤᠷᠠᠳᠤᠭᠰᠠᠨ ᠠᠵᠢᠯᠯᠠᠭ᠎ᠠ ᠳᠤ ᠣᠷᠣᠯᠴᠠᠪᠠ᠃ | ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ᠃ | | | | | |