ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ ︵2025 ᠣᠨ ᠤ 5 ᠰᠠᠷ᠎ᠠ ᠶᠢᠨ 13 ᠤ ᠡᠳᠦᠷ᠂ ᠪᠡᠭᠡᠵᠢᠩ ᠳᠤ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠫᠧᠲᠷᠤ᠋᠂ | ᠬᠦᠨᠳᠦᠲᠦ ᠶᠡᠷᠦᠩᠬᠡᠶᠢᠯᠡᠭᠴᠢ ᠯᠦᠯᠠ᠂ | ᠬᠦᠨᠳᠦᠲᠦ ᠶᠡᠷᠦᠩᠬᠡᠶᠢᠯᠡᠭᠴᠢ ᠪᠦᠧᠧᠯᠢᠴᠢ᠂ | ᠬᠦᠨᠳᠦᠲᠦ ᠪᠠᠩᠬᠢ ᠶᠢᠨ ᠳᠠᠷᠤᠭ᠎ᠠ ᠷᠤᠰᠤᠹ᠂ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠲᠥᠯᠥᠭᠡᠯᠡᠭᠴᠢᠳ᠂ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠄ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨ᠎ᠡ ᠬᠠᠭᠤᠴᠢᠨ ᠨᠠᠶᠢᠵᠠ ᠨᠠᠷ ᠲᠠᠢ ᠪᠡᠭᠡᠵᠢᠩ ᠳᠤ ᠴᠤᠭᠯᠠᠷᠠᠭᠰᠠᠨ ᠳᠠᠭᠠᠨ ᠮᠠᠰᠢ ᠪᠠᠶᠠᠷ ᠲᠠᠢ | ᠪᠠᠶᠢᠨ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠤᠯᠠᠨ ᠤ ᠬᠦᠷᠴᠦ ᠢᠷᠡᠭᠰᠡᠨ ᠢ | ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ︕ | 2015 ᠣᠨ ᠳᠤ᠂ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠥᠯᠥᠭᠡᠯᠡᠭᠴᠢᠳ ᠲᠠᠢ ᠬᠠᠮᠲᠤ ᠪᠠᠷ ᠪᠡᠭᠡᠵᠢᠩ ᠳᠤ ᠳᠤᠮᠳᠠᠳᠤ ᠤᠯᠤᠰ | - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ ᠰᠠᠶᠢᠳ ᠤᠨ | ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ ᠲᠤᠩᠬᠠᠭᠯᠠᠪᠠ᠃ 10 ᠵᠢᠯ ᠤᠨ ᠲᠤᠷᠰᠢ᠂ ᠬᠤᠶᠠᠷ ᠲᠠᠯ᠎ᠠ ᠶᠢᠨ ᠨᠢᠮᠪᠠᠢ ᠪᠣᠶᠢᠵᠢᠭᠤᠯᠤᠯᠲᠠ ᠳᠣᠣᠷ᠎ᠠ᠂ | ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠨᠢ ᠨᠢᠭᠡᠨ ᠨᠢᠯᠬ᠎ᠠ ᠴᠢᠬᠢ | ᠪᠠᠶᠢᠭᠰᠠᠨ ᠠᠴᠠ ᠪᠠᠨ ᠲᠣᠮᠣ ᠮᠣᠳᠣ ᠪᠣᠯᠵᠤ ᠪᠣᠶᠢᠵᠢᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ᠃ | ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠣᠷᠣᠨ ᠯᠤᠭ᠎ᠠ ᠠᠯᠤᠰ ᠬᠤᠯᠠ ᠵᠠᠶᠢᠲᠠᠢ ᠪᠤᠯᠪᠠᠴᠤ ᠬᠤᠶᠠᠷ ᠲᠠᠯ᠎ᠠ ᠶᠢᠨ ᠨᠥᠭᠦᠷᠰᠡᠭ | ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ᠃ ᠠᠯᠢ ᠡᠷᠲᠡ 16 ᠳ᠋ᠤᠭᠠᠷ ᠵᠠᠭᠤᠨ ᠳᠤ᠂ ᠨᠥᠬᠦᠷᠯᠡᠯ ᠢ ᠳᠦᠭᠦᠷᠡᠩ ᠠᠴᠢᠶᠠᠯᠠᠭᠰᠠᠨ ᠠᠯᠢ ᠤᠯᠠᠨ ︽ᠳᠤᠮᠳᠠᠳᠤ | ᠤᠯᠤᠰ ᠤᠨ ᠬᠥᠯᠭᠡ ᠣᠩᠭᠤᠴᠠ︾ ᠨᠣᠮᠣᠬᠠᠨ ᠳᠠᠯᠠᠢ ᠶᠢᠨ ᠬᠤᠶᠠᠷ ᠭᠦᠪᠡᠭᠡ ᠪᠠᠷ ᠰᠦᠯᠵᠢᠯᠳᠦᠵᠦ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠶᠠᠪᠤᠯᠴᠠᠭ᠎ᠠ ᠰᠣᠯᠢᠯᠴᠠᠭᠠᠨ ᠤ ᠬᠥᠰᠢᠭᠡ ᠶᠢ ᠰᠡᠬᠦᠭᠰᠡᠨ ᠶᠤᠮ᠃ ᠳᠡᠭᠡᠷ᠎ᠡ ᠵᠠᠭᠤᠨ ᠤ ᠵᠢᠷᠠᠭᠠᠳ ᠣᠨ ᠠᠴᠠ ᠰᠡᠭᠦᠯᠡᠷ᠂ ᠰᠢᠨ᠎ᠡ ᠳᠤᠮᠳᠠᠳᠤ ᠤᠯᠤᠰ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠵᠠᠷᠢᠮ ᠤᠯᠤᠰ ᠤᠳ ᠲᠠᠢ ᠬᠠᠷᠢᠯᠴᠠᠭ᠎ᠠ ᠪᠠᠶᠢᠭᠤᠯᠬᠤ ᠶᠢ ᠳᠠᠭᠠᠯᠳᠤᠨ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠰᠣᠯᠢᠯᠴᠠᠭ᠎ᠠ ᠬᠠᠮᠲᠤᠷᠠᠯᠴᠠᠭ᠎ᠠ ᠤᠯᠠᠮ ᠢᠶᠠᠷ ᠨᠢᠭᠲᠠᠷᠠᠵᠤ ᠢᠷᠡᠪᠡ᠃ ᠰᠢᠨ᠎ᠡ ᠵᠠᠭᠤᠨ ᠠᠴᠠ ᠨᠠᠭᠠᠰᠢ ᠢᠯᠠᠩᠭᠤᠶ᠎ᠠ ᠣᠶᠢᠷ᠎ᠠ ᠶᠢᠨ | ᠵᠢᠯ ᠠᠴᠠ ᠨᠠᠭᠠᠰᠢ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠪᠢ ᠵᠠᠶᠠᠭ᠎ᠠ ᠪᠠᠨ ᠬᠠᠮᠲᠤᠳᠬᠠᠭᠰᠠᠨ ᠳᠠᠭᠤᠷᠢᠰᠬᠠᠯ ᠢ | ᠲᠠᠰᠤᠷᠠᠯᠳᠠ ᠦᠭᠡᠢ ᠪᠢᠴᠢᠭᠯᠡᠪᠡ᠃ | - ᠪᠢᠳᠡ ᠭᠠᠷ ᠬᠤᠯᠪᠣᠨ ᠮᠥᠷᠥ ᠵᠡᠷᠭᠡᠴᠡᠵᠦ᠂ ᠬᠠᠷᠢᠯᠴᠠᠨ ᠳᠡᠮᠵᠢᠯᠴᠡᠪᠡ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠢᠮᠠᠭᠲᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ ᠪᠠᠶᠢᠬᠤ ᠶᠢ ᠳᠤᠮᠳᠠᠳᠤ ᠤᠯᠤᠰ ᠮᠠᠭᠲᠠᠨ ᠰᠠᠶᠢᠰᠢᠶᠠᠵᠤ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ᠂ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ᠂ ᠭᠠᠳᠠᠭᠠᠳᠤ ᠶᠢᠨ | ᠬᠢᠨ ᠤ ᠭᠠᠷ ᠲᠦᠷᠦᠭᠦ ᠶᠢ ᠡᠰᠡᠷᠭᠦᠴᠡᠨ᠎ᠡ᠃ ᠳᠡᠭᠡᠷ᠎ᠡ ᠵᠠᠭᠤᠨ ᠤ ᠵᠢᠷᠠᠭᠠᠳ ᠣᠨ ᠳᠤ᠂ ᠳᠤᠮᠳᠠᠳᠤ ᠤᠯᠤᠰ ᠤᠨ ᠡᠯ᠎ᠡ ᠭᠠᠵᠠᠷ ᠲᠤ ᠶᠡᠭᠡ ᠬᠡᠪᠴᠢᠶᠡᠨ ᠤ ᠤᠯᠠᠨ | ᠲᠦᠮᠡᠨ ᠤ ᠵᠢᠭᠰᠠᠭᠠᠯ ᠶᠠᠪᠤᠭᠤᠯᠵᠤ᠂ ᠫᠠᠨᠠᠮᠠ ᠶᠢᠨ ᠠᠷᠠᠳ ᠲᠦᠮᠡᠨ ᠤ ᠲᠠᠲᠠᠮᠠᠯ ᠭᠤᠣᠯ ᠤᠨ ᠡᠷᠬᠡ ᠮᠡᠳᠡᠯ ᠢᠶᠠᠨ ᠪᠤᠴᠠᠭᠠᠨ ᠠᠪᠬᠤ ᠶᠢ ᠳᠡᠮᠵᠢᠪᠡ︔ ᠳᠠᠯᠠᠭᠠᠳ | ᠣᠨ ᠳᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ 200 ᠮᠢᠯ ᠳᠠᠯᠠᠢ ᠲᠠᠩᠭᠢᠰ ᠤᠨ ᠡᠷᠬᠡ ᠶᠢ ᠬᠠᠮᠠᠭᠠᠯᠠᠬᠤ ᠲᠡᠮᠡᠴᠡᠯ ᠥᠷᠨᠢᠭᠦᠯᠵᠦ᠂ ᠳᠤᠮᠳᠠᠳᠤ | ᠤᠯᠤᠰ ᠲᠤᠭ ᠲᠡᠮᠳᠡᠭ ᠲᠣᠳᠣᠷᠬᠠᠢ ᠪᠠᠷ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠵᠦᠢ ᠶᠣᠰᠣᠨ ᠤ ᠱᠠᠭᠠᠷᠳᠠᠯᠭ᠎ᠠ ᠶᠢ ᠳᠡᠮᠵᠢᠪᠡ᠃ 1992 ᠣᠨ ᠠᠴᠠ | ᠨᠠᠭᠠᠰᠢ᠂ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠤ ᠵᠠᠯᠭᠠᠭ᠎ᠠ ᠪᠠᠷ 32 ᠤᠳᠠᠭ᠎ᠠ ᠪᠢᠯᠧᠲ ᠥᠭᠴᠦ᠂ ᠠᠮᠧᠷᠢᠺᠠ ᠶᠢᠨ | ᠺᠦᠪᠡ ᠶᠢ ᠪᠢᠲᠡᠭᠦᠮᠵᠢᠯᠡᠬᠦ ᠶᠢ ᠵᠣᠭᠰᠤᠭᠠᠬᠤ ᠰᠢᠢᠳᠪᠦᠷᠢ ᠶᠢ ᠳᠡᠮᠵᠢᠪᠡ᠃ | - ᠪᠢᠳᠡ ᠤᠷᠤᠰᠬᠠᠯ ᠤᠨ ᠡᠮᠦᠨ᠎ᠡ ᠬᠤᠰᠢᠭᠤᠷᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠲᠡᠪᠠ᠃ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ | ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠪᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ | ᠬᠠᠮᠲᠤ ᠪᠠᠷ ᠪᠦᠲᠦᠭᠡᠨ ᠪᠠᠶᠢᠭᠤᠯᠬᠤ ᠪᠣᠷᠣ ᠲᠥᠯᠥᠪ ᠤᠨ ᠳᠣᠲᠣᠷ᠎ᠠ 200 ᠭᠠᠷᠤᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠡᠷᠡᠭᠵᠢᠭᠦᠯᠵᠦ᠂ ᠵᠠᠭᠤᠨ ᠲᠦᠮᠡ ᠭᠠᠷᠤᠢ ᠠᠵᠢᠯ ᠤᠨ ᠪᠠᠶᠢᠷᠢ ᠶᠢ ᠡᠭᠦᠳᠪᠡ᠃ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠳᠠᠭᠠᠭᠤᠯᠢ ᠤᠳᠤᠨ ᠤ ᠬᠠᠮᠲᠤᠷᠠᠯᠴᠠᠭ᠎ᠠ ᠨᠢ ᠳᠡᠭᠡᠳᠦ ᠮᠡᠷᠭᠡᠵᠢᠯ ᠤᠨ ᠬᠦᠷᠢᠶᠡᠨ ᠳᠠᠬᠢ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠵᠤ᠂ ᠫᠧᠷᠦ᠋ ᠶᠢᠨ ᠴᠢᠶᠠᠨᠺᠠᠢ ᠭᠠᠷᠠᠮ ᠢ ᠤᠷᠤᠭᠰᠢᠲᠠᠢ ᠪᠠᠷ ᠠᠰᠢᠭᠯᠠᠯᠲᠠ ᠳᠤ ᠣᠷᠣᠭᠤᠯᠵᠤ ᠠᠽᠢᠶ᠎ᠠ ᠯᠠᠲ᠋ᠢᠨ | ᠠᠮᠧᠷᠢᠺᠠ ᠶᠢᠨ ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ ᠢ ᠨᠡᠭᠡᠭᠡᠪᠡ᠃ ᠳᠤᠮᠳᠠᠳᠤ ᠤᠯᠤᠰ ᠴᠢᠯᠢ᠂ ᠫᠧᠷᠦ᠋᠂ ᠺᠤᠰᠲ᠋ᠠ ᠷᠢᠺᠠ᠂ ᠡᠺᠦ᠋ᠸᠠᠳᠣᠷ᠂ | ᠨᠢᠺᠠᠷᠠᠭᠤᠸᠠ ᠵᠡᠷᠭᠡ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠨᠢᠳᠤᠨᠤᠨ᠂ ᠳᠤᠮᠳᠠᠳᠤ ᠤᠯᠤᠰ - ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠠᠷᠠᠯᠵᠢᠶᠠᠨ ᠤ ᠬᠡᠮᠵᠢᠶ᠎ᠡ ᠠᠩᠬ᠎ᠠ ᠤᠳᠠᠭ᠎ᠠ 5000 ᠳ᠋ᠦᠩᠰᠢᠭᠤᠷ ᠳ᠋ᠣᠯᠯᠠᠷ ᠢ ᠳᠠᠪᠠᠵᠤ᠂ ᠲᠤᠰ ᠵᠠᠭᠤᠨ ᠤ ᠡᠬᠢᠨ ᠤ | ᠦᠶ᠎ᠡ ᠶᠢᠨ 40 ᠭᠠᠷᠤᠢ ᠳᠠᠭᠢᠨ ᠲᠠᠢ ᠲᠡᠩᠴᠡᠪᠡ᠃ | - ᠪᠢᠳᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠪᠠ᠃ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ ᠢᠳᠡᠪᠬᠢᠲᠡᠢ | ᠥᠷᠨᠢᠭᠦᠯᠵᠦ᠂ ᠳᠠᠯᠠᠢ ᠶᠢᠨ ᠰᠢᠭᠤᠷᠭ᠎ᠠ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠭᠠᠷ ᠬᠤᠯᠪᠣᠨ ᠠᠷᠭᠠᠴᠠᠭᠠᠪᠠ᠃ ᠳᠤᠮᠳᠠᠳᠤ ᠤᠯᠤᠰ 1993 | ᠣᠨ ᠠᠴᠠ ᠡᠬᠢᠯᠡᠨ ᠤᠷᠢᠳ ᠬᠤᠵᠢᠳ ᠺᠠᠷᠢᠪᠧ ᠶᠢᠨ ᠤᠯᠤᠰ ᠤᠳ ᠲᠤ 38 ᠪᠦᠯᠦᠭ ᠤᠳᠠᠭ᠎ᠠ ᠶᠢᠨ ᠡᠮᠴᠢᠯᠡᠭᠡᠨ ᠤ ᠠᠩᠭᠢ ᠲᠣᠮᠢᠯᠠᠪᠠ᠃ ᠡᠷᠢᠨ ᠵᠠᠭᠤᠨ ᠤ | ᠬᠢᠵᠢᠭ ᠤᠨ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠡᠩ ᠲᠡᠷᠢᠭᠦᠨ ᠳᠤ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠤ 3 ᠳ᠋ᠦᠩᠰᠢᠭᠤᠷ ᠭᠠᠷᠤᠢ | ᠰᠢᠷᠬᠡᠭ ᠸᠠᠺᠼᠢᠨ ᠪᠠ 4000 ᠲᠦᠮᠡ ᠰᠢᠬᠠᠮ ᠬᠤᠪᠢ ᠡᠮᠴᠢᠯᠡᠭᠡᠨ ᠤ ᠡᠳ᠋ ᠪᠣᠳᠠᠰ ᠲᠥᠬᠦᠭᠡᠷᠦᠮᠵᠢ ᠬᠠᠩᠭᠠᠵᠤ᠂ ᠤᠯᠠᠨ ᠡᠮᠴᠢᠯᠡᠭᠡᠨ ᠤ ᠲᠤᠰᠬᠠᠢ ᠮᠡᠷᠭᠡᠵᠢᠯᠲᠡᠨ ᠤ | ᠳᠤᠭᠤᠶᠢᠯᠠᠩ ᠲᠣᠮᠢᠯᠠᠨ ᠲᠤᠰᠠᠯᠠᠵᠤ᠂ ᠭᠠᠵᠠᠷ ᠣᠷᠣᠨ ᠤ ᠤᠯᠤᠰ ᠤᠳ ᠤᠨ ᠲᠦᠭ ᠲᠦᠮᠡᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ | ᠬᠠᠮᠠᠭᠠᠯᠠᠬᠤ ᠳᠤ ᠬᠦᠴᠦᠨ ᠨᠡᠮᠡᠷᠢᠯᠡᠪᠡ᠃ | - ᠪᠢᠳᠡ ᠪᠦᠯᠬᠦᠮᠳᠡᠨ ᠬᠠᠮᠵᠢᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠪᠡ᠃ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠬᠤᠶᠠᠷ ᠲᠠᠯ᠎ᠠ ᠪᠠᠷ ᠢᠶᠠᠨ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ | ᠬᠠᠮᠲᠤ ᠪᠠᠷ ᠬᠠᠮᠠᠭᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ᠂ ᠳᠡᠯᠡᠬᠡᠢ ᠶᠢᠨ ᠤᠯᠠᠨ ᠲᠦᠢᠯᠵᠢᠯᠳᠠ ᠪᠣᠯᠣᠨ | ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯ ᠢ ᠠᠬᠢᠭᠤᠯᠪᠠ᠃ ᠪᠢᠳᠡ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠵᠤ᠂ ᠪᠦᠭᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠶᠢᠨ ᠠᠬᠢᠴᠠ ᠶᠢ | ᠬᠠᠮᠲᠤ ᠪᠠᠷ ᠠᠬᠢᠭᠤᠯᠪᠠ᠃ ᠳᠤᠮᠳᠠᠳᠤ ᠤᠯᠤᠰ ᠪᠷᠠᠽᠢᠯ ᠲᠠᠢ ᠬᠠᠮᠲᠤᠷᠠᠨ ᠦᠺᠷᠠᠶᠢᠨ ᠤ ᠬᠢᠮᠤᠷᠠᠯ ᠢ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ︽ᠵᠢᠷᠭᠤᠭᠠᠨ | ᠲᠠᠯ᠎ᠠ ᠶᠢᠨ ᠬᠠᠮᠲᠤ ᠶᠢᠨ ᠲᠠᠨᠢᠯᠲᠠ︾ ᠶᠢ ᠨᠡᠶᠢᠲᠡᠯᠡᠵᠦ᠂ 110 ᠭᠠᠷᠤᠢ ᠤᠯᠤᠰ ᠤᠨ ᠢᠳᠡᠪᠬᠢᠲᠡᠢ ᠬᠦᠷᠢᠶᠡᠯᠡᠯ ᠢ ᠣᠯᠵᠤ᠂ ᠣᠯᠠᠨ ᠤᠯᠤᠰ ᠤᠨ ᠬᠠᠯᠠᠮᠰᠢᠯ | ᠠᠰᠠᠭᠤᠳᠠᠯ ᠢ ᠰᠢᠢᠳᠪᠦᠷᠢᠯᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ | ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠨᠢᠭᠡᠨᠲᠡ ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ | ᠬᠠᠮᠲᠤ ᠶᠢᠨ ᠴᠣᠭᠴᠠ ᠪᠣᠯᠤᠭᠰᠠᠨ ᠢ ᠪᠣᠳᠠᠲᠤ ᠶᠠᠪᠤᠳᠠᠯ ᠭᠡᠷᠡᠴᠢᠯᠡᠪᠡ᠂ ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ ᠬᠠᠨᠳᠤᠯᠴᠠᠬᠤ ᠪᠣᠯᠣᠨ᠎ᠠ᠂ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯᠣᠨ᠎ᠠ᠂ ᠬᠡᠬᠦᠳᠡᠭ ᠴᠡᠭᠡᠵᠢ ᠳᠡᠭᠡᠨ ᠪᠠᠭᠲᠠᠭᠠᠵᠤ ᠪᠠᠶᠢᠭ᠎ᠠ ᠵᠠᠩ | ᠰᠤᠷᠲᠠᠯ ᠪᠣᠯ ᠨᠡᠭᠡᠭᠡᠯᠲᠡᠲᠡᠢ ᠪᠠᠭᠲᠠᠭᠠᠮᠵᠢᠲᠠᠢ᠂ ᠦᠨᠳᠦᠰᠦᠨ ᠬᠥᠭᠡᠭᠡᠴᠡᠯᠳᠦᠯ ᠪᠣᠯ ᠠᠷᠠᠳ ᠲᠦᠮᠡᠨ ᠳᠤ ᠪᠤᠶᠠᠨ ᠦᠢᠯᠡᠳᠬᠦ ᠪᠠᠶᠢᠵᠤ᠂ ᠥᠷᠨᠢᠭᠦᠨ ᠪᠠᠳᠠᠷᠠᠩᠭᠤᠢ | ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ᠃ | ᠡᠷᠬᠢᠮ ᠵᠣᠴᠢᠳ ᠠ᠋᠂ ᠨᠠᠶᠢᠵᠠ ᠨᠠᠷ ᠠ᠋︕ | ᠣᠳᠣᠬᠠᠨ ᠳᠤ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠠᠨ ᠳᠠᠪᠬᠤᠷ ᠠᠶᠤᠯ | ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ᠂ ᠡᠯ᠎ᠡ ᠤᠯᠤᠰ ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ᠂ ᠠᠷᠠᠯᠵᠢᠶᠠᠨ ᠤ | ᠳᠠᠶᠢᠯᠠᠯᠳᠤᠭᠠᠨ ᠳᠤ ᠢᠯᠠᠭᠴᠢ ᠪᠠᠶᠢᠬᠤ ᠦᠭᠡᠢ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ ᠭᠠᠭᠴᠠᠭᠠᠷᠳᠠᠭᠤᠯᠤᠨ᠎ᠠ᠃ ᠳᠤᠮᠳᠠᠳᠤ ᠤᠯᠤᠰ ᠪᠠ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ᠂ | ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ ᠮᠠᠨ ᠤ ᠢᠷᠠᠭᠤ ᠠᠯᠳᠠᠷᠲᠤ ᠤᠯᠠᠮᠵᠢᠯᠠᠯ ᠮᠥᠨ᠂ ᠬᠥᠭᠵᠢᠯ ᠮᠠᠨᠳᠤᠯ ᠪᠣᠯ ᠪᠢᠳᠡᠨ ᠤ ᠲᠥᠷᠥᠯᠬᠢ ᠡᠷᠬᠡ ᠮᠥᠨ᠂ ᠲᠥᠪ | ᠭᠤᠣᠯᠴᠢ ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ᠃ ᠭᠠᠵᠠᠷ ᠣᠷᠣᠨ ᠢᠶᠠᠷ ᠰᠢᠯᠲᠠᠭᠠᠯᠠᠭᠳᠠᠭᠰᠠᠨ ᠤᠯᠤᠰ ᠲᠦᠷᠦ ᠪᠣᠯᠣᠨ ᠯᠡᠭᠧᠷ ᠤᠨ | ᠡᠰᠡᠷᠭᠦᠴᠡᠯᠳᠦᠯ ᠤᠨ ᠲᠠᠯᠲᠠ ᠤᠷᠤᠰᠬᠠᠯ ᠭᠦᠪᠦᠯᠵᠡᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠡᠭᠦᠰᠴᠦ ᠪᠠᠶᠢᠭ᠎ᠠ ᠪᠠᠶᠢᠳᠠᠯ ᠳᠤ | ᠴᠢᠭᠯᠡᠭᠦᠯᠦᠨ᠂ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ | ᠡᠬᠢᠯᠡᠭᠦᠯᠵᠦ᠂ ᠬᠥᠭᠵᠢᠯ ᠮᠠᠨᠳᠤᠯ ᠢ ᠬᠠᠮᠲᠤ ᠪᠠᠷ ᠡᠷᠢᠯᠬᠢᠯᠡᠵᠦ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ᠃ | ᠨᠢᠭᠡ ᠪᠣᠯ ᠪᠦᠯᠬᠦᠮᠳᠡᠯ ᠤᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠲᠤᠰ | ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠳᠡᠮᠵᠢᠯᠴᠡᠨ᠎ᠡ᠃ | ᠬᠤᠶᠠᠷ ᠲᠠᠯ᠎ᠠ ᠪᠠᠷ ᠢᠶᠠᠨ ᠡᠯ᠎ᠡ ᠬᠦᠷᠢᠶᠡᠨ ᠤ ᠶᠠᠪᠤᠯᠴᠠᠭ᠎ᠠ ᠪᠠᠨ ᠨᠢᠭᠲᠠᠷᠠᠭᠤᠯᠵᠤ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ | ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠶ᠎ᠠ᠃ ᠢᠷᠡᠭᠡᠳᠦᠢ ᠶᠢᠨ 3 ᠵᠢᠯ ᠳᠤ᠂ ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ 300 ᠲᠦᠷᠦ ᠶᠢᠨ ᠨᠠᠮ ᠤᠨ ᠺᠠᠳ᠋ᠷ ᠢ ᠤᠷᠢᠵᠤ ᠳᠤᠮᠳᠠᠳᠤ ᠤᠯᠤᠰ ᠲᠤ ᠰᠢᠨᠵᠢᠯᠡᠨ | ᠪᠠᠶᠢᠴᠠᠭᠠᠯᠭᠠᠵᠤ ᠠᠶᠢᠯᠴᠢᠯᠠᠯᠲᠠ ᠭᠢᠯᠭᠡᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠤᠯᠠᠨ ᠲᠠᠯ᠎ᠠ ᠶᠢᠨ ᠲᠠᠪᠴᠠᠩ ᠳᠠᠬᠢ ᠨᠥᠯᠥᠭᠡ ᠪᠠᠨ ᠥᠷᠭᠡᠳᠬᠡᠬᠦ ᠶᠢ ᠳᠤᠮᠳᠠᠳᠤ ᠤᠯᠤᠰ ᠳᠡᠮᠵᠢᠵᠦ᠂ ᠳᠤᠷᠠᠲᠠᠶ᠎ᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠲᠠᠢ ᠬᠠᠮᠲᠤ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ | ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠪᠠ ᠭᠠᠵᠠᠷ ᠣᠷᠣᠨ ᠤ | ᠬᠡᠷᠡᠭ ᠶᠠᠪᠤᠳᠠᠯ ᠤᠨ ᠳᠤᠮᠳᠠ ᠬᠠᠮᠲᠤ ᠶᠢᠨ ᠳᠠᠭᠤᠨ ᠢᠶᠠᠨ ᠴᠤᠤᠷᠢᠶᠠᠲᠤᠭᠤᠯᠤᠨ᠎ᠠ᠃ | ᠬᠤᠶᠠᠷ ᠪᠣᠯ ᠬᠥᠭᠵᠢᠯᠲᠡ ᠶᠢᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠪᠠᠷ | ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ᠂ ᠪᠦᠭᠦ | ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠨᠡᠭᠡᠭᠡᠯᠲᠡᠲᠤ | ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠨ᠎ᠠ᠃ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠵᠤ᠂ ᠰᠠᠭᠤᠷᠢ | ᠲᠥᠬᠦᠭᠡᠷᠦᠮᠵᠢ᠂ ᠬᠥᠳᠡᠭᠡ ᠠᠵᠤ ᠠᠬᠤᠢ ᠠᠮᠤ ᠪᠤᠳᠠᠭ᠎ᠠ᠂ ᠡᠨᠧᠷᠭᠢ ᠠᠭᠤᠷᠬᠠᠢ ᠶᠢᠨ ᠭᠠᠷᠤᠯᠲᠠ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠴᠡᠪᠡᠷ ᠡᠨᠧᠷᠭᠢ᠂ 5G ᠴᠢᠮᠡᠭᠡ ᠬᠤᠯᠪᠤᠭ᠎ᠠ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ | ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠨᠢᠲᠠᠨ ᠤ ᠲᠥᠯᠥᠪᠯᠡᠭᠡ ᠶᠢ ᠬᠡᠷᠡᠭᠵᠢᠭᠦᠯᠦᠶ᠎ᠡ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠨᠡᠩ ᠤᠯᠠᠨ | ᠰᠢᠯᠢᠳᠡᠭ ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠬᠢ ᠪᠡᠯᠡ | ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠤᠨ᠎ᠠ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ | ᠳᠤᠮᠳᠠᠳᠤ ᠤᠯᠤᠰ ᠠᠴᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠤ 660 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠢᠲᠡᠭᠡᠮᠵᠢᠲᠦ | ᠵᠢᠭᠡᠯᠡᠯᠭᠡ ᠶᠢᠨ ᠪᠡᠯᠡ ᠮᠥᠩᠭᠦ ᠬᠠᠩᠭᠠᠨ᠎ᠠ᠃ | ᠭᠤᠷᠪᠠ ᠪᠣᠯ ᠪᠣᠯᠪᠠᠰᠤᠨ ᠤ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠪᠠᠷ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠡᠷᠬᠡ ᠲᠡᠭᠰᠢ᠂ ᠬᠠᠷᠢᠯᠴᠠᠨ ᠲᠣᠯᠢᠯᠠᠬᠤ᠂ ᠶᠠᠷᠢᠯᠴᠠᠭ᠎ᠠ᠂ ᠪᠠᠭᠲᠠᠭᠠᠮᠵᠢᠲᠠᠢ ᠪᠣᠯᠪᠠᠰᠤᠨ ᠤ | ᠦᠵᠡᠯᠲᠡ ᠶᠢ ᠪᠤᠢ ᠪᠤᠯᠭᠠᠵᠤ᠂ ᠡᠩᠬᠡ ᠲᠠᠶᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠲᠠᠢ ᠪᠦᠭᠦ ᠬᠥᠮᠥᠨ | ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ᠃ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ | ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠶᠠᠷᠢᠯᠴᠠᠭᠠᠨ ᠤ ᠶᠡᠭᠡ | ᠬᠤᠷᠠᠯ ᠢ ᠡᠷᠭᠢᠯᠡᠨ᠎ᠡ᠃ ᠰᠣᠶᠣᠯ ᠤᠷᠠᠯᠢᠭ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠯᠠᠲ᠋ᠢᠨ ᠠᠮᠧᠷᠢᠺᠠ ᠶᠢᠨ ᠤᠷᠠᠯᠢᠭ ᠤᠨ | ᠤᠯᠠᠷᠢᠯ︾ ᠢ ᠡᠷᠭᠢᠯᠡᠨ᠎ᠡ᠃ ᠬᠠᠭᠤᠴᠢ ᠰᠤᠳᠤᠯᠤᠯ᠂ ᠡᠷᠲᠡᠨ ᠤ ᠦᠯᠡᠳᠡᠭᠳᠡᠯ ᠪᠠᠭᠤᠷᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠮᠦᠽᠧᠢ ᠶᠢᠨ ᠦᠵᠡᠭᠦᠯᠭᠡ ᠵᠡᠷᠭᠡ | ᠰᠣᠶᠣᠯ ᠤᠨ ᠥᠪ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠡᠷᠲᠡᠨ ᠤ ᠪᠣᠯᠪᠠᠰᠤᠨ ᠤ ᠰᠤᠳᠤᠯᠭᠠᠨ ᠥᠷᠨᠢᠭᠦᠯᠵᠦ᠂ ᠰᠣᠶᠣᠯ ᠤᠨ ᠡᠳ᠋ | ᠬᠥᠷᠥᠩᠭᠡ ᠶᠢ ᠬᠠᠤᠯᠢ ᠪᠤᠰᠤ ᠪᠠᠷ ᠰᠠᠷᠢᠭᠠᠯᠠᠨ ᠵᠥᠭᠡᠭᠡᠪᠦᠷᠢᠯᠡᠬᠦ ᠳᠤ ᠬᠠᠮᠲᠤᠷᠠᠨ ᠴᠣᠬᠢᠯᠲᠠ ᠥᠭᠭᠦᠶ᠎ᠡ᠃ | ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ | ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ︽ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢ | ᠡᠩᠬᠡ ᠲᠠᠶᠢᠪᠤᠩ ᠣᠷᠣᠨ ᠪᠤᠯᠭᠠᠬᠤ ᠪᠠᠷ ᠨᠡᠶᠢᠲᠡᠯᠡᠭᠰᠡᠨ ᠠᠯᠪᠠᠨ ᠵᠠᠷᠯᠠᠯ︾ ᠪᠣᠯᠣᠨ ︽ᠴᠥᠮ᠎ᠡ ᠶᠢᠨ ᠵᠡᠪᠰᠡᠭ ᠦᠭᠡᠢ ᠣᠷᠣᠨ ᠢ ᠪᠠᠶᠢᠭᠤᠯᠬᠤ ᠲᠤᠬᠠᠢ ᠯᠠᠲ᠋ᠢᠨ ᠠᠮᠧᠷᠢᠺᠠ | ᠪᠣᠯᠣᠨ ᠺᠠᠷᠢᠪᠧ ᠶᠢᠨ 33 ᠤᠯᠤᠰ ᠤᠨ ᠢᠯᠡᠷᠬᠡᠶᠢᠯᠡᠯᠲᠡ︾ ᠶᠢ ᠳᠡᠮᠵᠢᠵᠦ᠂ ᠭᠠᠮᠰᠢᠭ ᠤᠨ ᠰᠦᠢᠳᠦᠯ ᠢ ᠵᠠᠰᠠᠬᠤ᠂ ᠰᠦᠯᠵᠢᠶᠡᠨ ᠤ ᠠᠮᠤᠷ ᠲᠦᠪᠰᠢᠨ᠂ ᠰᠦᠷᠳᠡᠭᠦᠯᠦᠯ ᠢ | ᠡᠰᠡᠷᠭᠦᠴᠡᠬᠦ᠂ ᠢᠯᠵᠢᠷᠡᠯ ᠢ ᠡᠰᠡᠷᠭᠦᠴᠡᠬᠦ᠂ ᠬᠤᠣᠷ ᠴᠠᠭᠠᠵᠠᠯᠠᠬᠤ᠂ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ | ᠵᠡᠷᠭᠡ ᠬᠠᠮᠲᠤᠷᠠᠯᠴᠠᠭ᠎ᠠ ᠶᠢ ᠴᠢᠩᠭᠠᠳᠬᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠡᠷᠡᠭᠴᠡᠭᠡ ᠶᠢ ᠦᠨᠳᠦᠰᠦᠯᠡᠨ ᠬᠠᠤᠯᠢ ᠬᠡᠷᠡᠭᠵᠢᠭᠦᠯᠬᠦ | ᠪᠣᠯᠪᠠᠰᠤᠷᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠴᠢᠳᠠᠯ ᠤᠨ ᠢᠶᠠᠨ ᠬᠢᠷᠢ ᠪᠠᠷ ᠲᠣᠨᠣᠭᠯᠠᠯ ᠤᠨ ᠲᠤᠰᠠᠯᠠᠮᠵᠢ ᠬᠠᠩᠭᠠᠨ᠎ᠠ᠃ | ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ᠃ ᠢᠷᠡᠬᠦ 3 ᠵᠢᠯ ᠳᠤ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ᠂ 1 ᠲᠦᠮᠡᠨ ᠳᠤᠮᠳᠠᠳᠤ | ᠤᠯᠤᠰ ᠲᠤ ᠢᠷᠡᠵᠦ ᠪᠣᠯᠪᠠᠰᠤᠷᠠᠯ ᠭᠦᠷᠳᠡᠭᠦ ᠣᠷᠣᠨ ᠲᠤᠭ᠎ᠠ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ ᠰᠤᠷᠤᠯᠭ᠎ᠠ ᠶᠢᠨ ᠱᠠᠩᠨᠠᠯ ᠤᠨ ᠣᠷᠣᠨ | ᠲᠤᠭ᠎ᠠ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠣᠷᠣᠨ ᠲᠤᠭ᠎ᠠ᠂ 1000 ︽ᠬᠢᠲᠠᠳ | ᠬᠡᠯᠡᠨ ᠤ ᠬᠥᠭᠦᠷᠭᠡ︾ ᠶᠢᠨ ᠲᠦᠷᠦᠯ ᠵᠦᠢᠯ ᠤᠨ ᠳᠤᠮᠳᠠᠳᠤ ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ᠂ 300 ︽ᠪᠠᠭ᠎ᠠ | ᠮᠥᠷᠲᠡᠭᠡᠨ ᠭᠤᠶᠢᠳᠠ︾ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠯᠦ ᠪᠠᠨ ᠦᠢᠯᠡᠳᠬᠡᠯ ᠤᠨ ᠭᠠᠵᠠᠷ ᠵᠡᠷᠭᠡ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠠᠮᠲᠤᠷᠠᠯᠴᠠᠭᠠᠨ ᠤ ᠲᠦᠷᠦᠯ ᠵᠦᠢᠯ ᠢ ᠢᠳᠡᠪᠬᠢᠲᠡᠢ ᠠᠬᠢᠭᠤᠯᠵᠤ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ᠃ ᠳᠤᠮᠳᠠᠳᠤ ᠤᠯᠤᠰ ︽ᠳᠤᠮᠳᠠᠳᠤ ᠤᠯᠤᠰ - ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠶᠢᠷ᠎ᠠ ᠰᠡᠳᠬᠢᠯᠭᠡ︾ ᠭᠡᠬᠦ ᠳᠤᠮᠳᠠᠳᠤ ᠤᠯᠤᠰ ᠤᠨ ᠺᠢᠨᠣ᠋ ᠲᠧᠯᠸᠢᠰ ᠤᠨ ᠫᠷᠣᠭ᠍ᠷᠠᠮ ᠢ ᠳᠡᠯᠭᠡᠨ ᠦᠵᠡᠭᠦᠯᠭᠦ ᠪᠠ | ᠨᠠᠪᠲᠠᠷᠡᠭᠦᠯᠵᠦ᠂ ᠵᠢᠯ ᠪᠦᠷᠢ 10 ᠰᠢᠯᠢᠳᠡᠭ ᠲᠧᠯᠸᠢᠰ ᠵᠦᠴᠦᠭᠡ ᠪᠤᠶᠤ ᠰᠢᠯᠢᠳᠡᠭ ᠦᠵᠡᠵᠦ ᠰᠣᠨᠣᠰᠬᠤ ᠫᠷᠣᠭ᠍ᠷᠠᠮ ᠢ ᠬᠠᠷᠢᠯᠴᠠᠨ ᠣᠷᠴᠢᠭᠤᠯᠬᠤ ᠠᠵᠢᠯ ᠢ | ᠪᠡᠶᠡᠯᠡᠭᠦᠯᠬᠦ ᠪᠠᠷ ᠴᠢᠷᠮᠠᠶᠢᠨ᠎ᠠ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ︽ᠳᠤᠮᠳᠠᠳᠤ ᠤᠯᠤᠰ - ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠵᠢᠭᠤᠯᠴᠢᠯᠠᠯ ᠤᠨ ᠶᠠᠷᠢᠯᠴᠠᠭ᠎ᠠ︾ ᠥᠷᠨᠢᠭᠦᠯᠦᠨ᠎ᠡ᠃ ᠬᠤᠶᠠᠷ ᠲᠠᠯ᠎ᠠ ᠶᠢᠨ ᠬᠥᠮᠥᠰ ᠤᠨ ᠨᠥᠭᠦᠷᠰᠡᠭ ᠶᠠᠪᠤᠯᠴᠠᠭ᠎ᠠ ᠳᠤ ᠤᠯᠠᠮ | ᠨᠢᠭᠡ ᠠᠯᠬᠤᠮ ᠲᠦᠭᠦᠮ ᠦᠵᠡᠭᠦᠯᠭᠦ ᠶᠢᠨ ᠲᠥᠯᠥᠭᠡ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ | ᠲᠦᠷᠦᠭᠦᠦ ᠪᠦᠯᠦᠭ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ ᠤᠯᠤᠰ ᠤᠳ ᠤᠨ ᠪᠦᠷᠬᠦᠴᠡ ᠶᠢᠨ ᠬᠡᠪᠴᠢᠶ᠎ᠡ ᠶᠢ ᠵᠣᠬᠢᠰᠲᠠᠢ | ᠴᠠᠭ ᠲᠤ ᠥᠷᠭᠡᠳᠬᠡᠬᠦ ᠪᠠᠷ ᠲᠣᠭᠲᠠᠪᠠ᠃ | ᠡᠷᠬᠢᠮ ᠵᠣᠴᠢᠳ ᠠ᠋᠂ ᠨᠠᠶᠢᠵᠠ ᠨᠠᠷ ᠠ᠋︕ | ᠳᠤᠮᠳᠠᠳᠤ ᠤᠯᠤᠰ ᠲᠤ ︽ᠬᠥᠮᠥᠨ ᠤ ᠠᠮᠢᠳᠤᠷᠠᠯ ᠤᠨ ᠵᠢᠷᠭᠠᠯ ᠭᠡᠵᠦ ᠰᠡᠳᠬᠢᠯ ᠢᠶᠠᠨ ᠣᠶᠢᠯᠠᠭᠠᠯᠴᠠᠬᠤ ᠳᠤ ᠪᠤᠢ︾ ᠭᠡᠬᠦ ᠡᠷᠲᠡᠨ ᠤ ᠰᠢᠯᠦᠭ ᠪᠠᠶᠢᠳᠠᠭ᠂ ᠯᠠᠲ᠋ᠢᠨ | ᠠᠮᠧᠷᠢᠺᠠ ᠳᠤ ᠴᠤ ︽ᠨᠠᠶᠢᠵᠠ ᠲᠠᠢ ᠪᠠᠶᠢᠪᠠᠯ ᠳᠠᠷᠤᠢ ᠡᠳ᠋ ᠡᠷᠳᠡᠨᠢᠰ ᠲᠠᠢ︾ ᠭᠡᠬᠦ ᠵᠦᠢᠷ ᠦᠭᠡ ᠪᠠᠶᠢᠳᠠᠭ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ | ᠳᠤᠮᠳᠠᠳᠤ ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ᠂ ᠰᠠᠶᠢᠨ ᠬᠠᠨᠢᠲᠠᠨ ᠪᠣᠯᠣᠨ᠎ᠠ᠃ ᠪᠢᠳᠠ ᠭᠠᠷ ᠬᠤᠯᠪᠣᠯᠴᠠᠨ᠂ | ᠲᠤᠰ ᠲᠤᠰ ᠤᠨ ᠣᠳᠣᠬᠢᠴᠢᠯᠠᠯᠲᠠ ᠶᠢᠨ ᠠᠶᠠᠨ ᠳᠠᠭᠠᠨ ᠮᠥᠷᠥ ᠵᠡᠷᠭᠡᠴᠡᠨ ᠤᠷᠤᠭᠰᠢᠯᠠᠵᠤ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ᠃ | |