2024 ᠣᠨ ᠤ 10 ᠰᠠᠷ᠎ᠠ ᠳᠤ ᠮᠠᠨ ᠤ ᠬᠤᠲᠠ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠪᠠᠷ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢ ᠴᠠᠭ ᠲᠤᠬᠠᠢ ᠳᠤᠨᠢ ᠲᠠᠰᠤᠯᠤᠨ ᠪᠤᠳᠤᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠤᠲᠠ ᠪᠠᠷ | ᠲᠣᠭᠲᠠᠭᠠᠯᠭᠠᠭᠰᠠᠨ ᠠᠴᠠ ᠬᠤᠶᠢᠰᠢ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠨᠢ ᠡᠮᠴᠢᠯᠡᠭᠡᠨ ᠤ ᠳᠠᠭᠠᠳᠬᠠᠯ ᠢ ᠰᠠᠷ᠎ᠠ ᠪᠠᠷ ᠲᠠᠰᠤᠯᠤᠨ ᠪᠣᠳᠣᠬᠤ ᠶᠢᠨ ᠰᠠᠭᠤᠷᠢᠨ | ᠳᠡᠭᠡᠷ᠎ᠡ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠲᠠᠢ ︽ᠡᠳᠦᠷ ᠲᠤ ᠨᠢ ᠰᠠᠯᠭᠠᠨ ᠥᠭᠬᠦ︾ ᠲᠠᠰᠤᠯᠤᠨ ᠪᠣᠳᠣᠬᠤ ᠵᠠᠭᠪᠤᠷ ᠢ ᠨᠡᠭᠡᠭᠡᠨ ᠬᠥᠭᠵᠢᠭᠦᠯᠵᠦ᠂ ︽ | ᠡᠳᠦᠷ ᠲᠤ ᠨᠢ ᠰᠠᠯᠭᠠᠨ ᠥᠭᠬᠦ᠂ ᠰᠠᠷ᠎ᠠ ᠲᠤ ᠨᠢ ᠲᠠᠰᠤᠯᠤᠨ ᠪᠤᠳᠤᠬᠤ᠂ ᠵᠢᠯ ᠲᠤ ᠨᠢ ᠢᠯᠭᠠᠷᠠᠭᠤᠯᠤᠨ ᠪᠤᠳᠤᠬᠤ︾ ᠡᠮᠴᠢᠯᠡᠭᠡᠨ ᠤ ᠳᠠᠭᠠᠳᠬᠠᠯ ᠢ ᠴᠠᠭ ᠲᠤᠬᠠᠢ | ᠳᠤᠨᠢ ᠲᠠᠰᠤᠯᠤᠨ ᠪᠣᠳᠣᠬᠤ ᠰᠢᠨ᠎ᠡ ᠵᠠᠭᠪᠤᠷ ᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠡᠮᠴᠢᠯᠡᠭᠦᠯᠦᠭᠰᠡᠨ ᠤ ᠳᠠᠷᠠᠭ᠎ᠠ ᠳᠠᠬᠢᠨ ᠣᠷᠳᠣ ᠬᠤᠭᠤᠴᠠᠭᠠᠨ ᠤ | ᠲᠠᠰᠤᠯᠤᠨ ᠪᠣᠳᠣᠬᠤ ᠦᠶᠡᠯᠡᠯ ᠤᠨ ᠬᠤᠭᠤᠴᠠᠭ᠎ᠠ ᠶᠢ ᠬᠦᠯᠢᠶᠡᠬᠦ ᠴᠢᠬᠤᠯᠠ ᠦᠭᠡᠢ ᠪᠣᠯᠵᠤ᠂ ᠡᠮᠴᠢᠯᠡᠭᠡᠨ ᠤ ᠪᠠᠶᠢᠭᠤᠯᠤᠮᠵᠢ ᠴᠤ ᠡᠮᠴᠢᠯᠡᠭᠡᠨ ᠤ ᠳᠠᠭᠠᠳᠬᠠᠯ ᠤᠨ ᠪᠡᠯᠡ | ᠮᠥᠩᠭᠦ ᠶᠢ ᠨᠠᠩ ᠲᠦᠷᠭᠡᠨ ᠬᠤᠷᠢᠶᠠᠨ ᠣᠯᠵᠤ᠂ ᠲᠠᠰᠤᠯᠤᠨ ᠪᠣᠳᠣᠬᠤ ᠦᠶᠡᠯᠡᠯ ᠤᠨ ᠬᠤᠭᠤᠴᠠᠭ᠎ᠠ ᠨᠢ ᠥᠩᠭᠡᠷᠡᠭᠰᠡᠨ ᠤ 25 ᠠᠵᠢᠯᠯᠠᠬᠤ ᠡᠳᠦᠷ ᠪᠠᠶᠢᠭᠰᠠᠨ ᠠᠴᠠ | 3 ᠠᠵᠢᠯᠯᠠᠬᠤ ᠡᠳᠦᠷ ᠪᠣᠯᠤᠨ ᠪᠣᠭᠤᠨᠢᠰᠴᠤ᠂ ︽ᠲᠤᠰ ᠡᠳᠦᠷ ᠲᠤᠨᠢ ᠮᠡᠳᠡᠭᠦᠯᠪᠡᠯ ᠲᠠᠷᠠᠭ᠎ᠠ ᠡᠳᠦᠷ ᠲᠤᠨᠢ ᠰᠠᠯᠭᠠᠨ ᠥᠭᠬᠦ︾ ᠶᠢ ᠪᠡᠶᠡᠯᠡᠭᠦᠯᠵᠦ᠂ ᠪᠡᠯᠡ | ᠮᠥᠩᠭᠦᠨ ᠤ ᠡᠷᠭᠢᠯᠲᠡ ᠶᠢᠨ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠪᠡ᠃ 5 ᠰᠠᠷ᠎ᠠ ᠶᠢᠨ 13 ᠤ ᠡᠳᠦᠷ ᠪᠣᠯᠲᠠᠯ᠎ᠠ᠂ ᠪᠥᠬᠦ ᠬᠤᠲᠠ ᠳᠤ ᠨᠡᠶᠢᠲᠡ 32 | ᠠᠯᠪᠠᠨ ᠠᠴᠠ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ ᠡᠮᠴᠢᠯᠡᠭᠡᠨ ᠤ ᠳᠠᠭᠠᠳᠬᠠᠯ ᠢ ᠴᠠᠭ ᠲᠤᠬᠠᠢ ᠳᠤᠨᠢ ᠲᠠᠰᠤᠯᠤᠨ ᠪᠤᠳᠤᠬᠤ ᠰᠢᠰᠲ᠋ᠧᠮ ᠢ ᠨᠡᠭᠡᠭᠡᠵᠦ᠂ | ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢ 2665 ᠬᠤᠪᠢ᠂ 2458.87 ᠲᠦᠮᠡᠨ ᠲᠥᠭᠦᠷᠢᠭ ᠰᠠᠯᠭᠠᠨ ᠥᠭᠪᠡ᠃ |