ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 14 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠷᠠᠩ - ᠯᠢᠦ᠋ᠢᠰᠢ ᠠᠨ•ᠰᠠᠸᠢ•ᠳ᠋ᠧᠲ᠋ᠤᠹ ᠲᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠳᠤᠭᠣ᠋ ᠤᠯᠤᠰ ᠤᠨ | ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ ᠲᠤᠰ ᠡᠳᠦᠷ ᠲᠡᠷᠢᠭᠦᠯᠡᠭᠴᠢ ᠰᠢ ᠶᠢᠨ ᠫᠢᠩ ᠪᠠᠰᠠ | ᠹᠦᠯᠸᠢ•ᠠᠶᠢᠰᠤᠴᠢᠮᠥ᠋ᠨᠠ•ᠨᠠᠰᠢᠨᠪᠸᠢ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠠ ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ | ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠳᠤᠭᠤ᠋ ᠶᠢᠨ ᠨᠥᠭᠦᠷᠰᠡᠭ ᠬᠠᠷᠢᠯᠴᠠᠭ᠎ᠠ ᠶᠢ ᠬᠤᠶᠠᠷ ᠤᠯᠤᠰ ᠤᠨ ᠦᠶ᠎ᠡ ᠦᠶ᠎ᠡ ᠶᠢᠨ ᠤᠳᠤᠷᠢᠳᠬᠤ ᠬᠥᠮᠥᠰ ᠬᠠᠮᠲᠤ ᠪᠠᠷ | ᠴᠣᠭᠴᠠᠯᠠᠨ ᠪᠠᠶᠢᠭᠤᠯᠵᠤ ᠨᠢᠮᠪᠠᠢ ᠪᠣᠶᠢᠵᠢᠭᠤᠯᠵᠠᠢ᠃ ᠬᠠᠭᠠᠰ ᠵᠠᠭᠤᠨ ᠭᠠᠷᠤᠢ ᠶᠢᠨ ᠲᠤᠷᠰᠢ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠭᠦᠷᠰᠡᠭ᠂ ᠡᠷᠬᠡ ᠲᠡᠭᠰᠢ | ᠬᠠᠷᠢᠯᠴᠠᠨ ᠢᠲᠡᠭᠡᠯᠴᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ | ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠵᠦ᠂ ᠶᠡᠭᠡ ᠪᠠᠭ᠎ᠠ ᠤᠯᠤᠰ ᠡᠷᠬᠡ ᠲᠡᠭᠰᠢ ᠪᠠᠷ ᠬᠠᠨᠳᠤᠯᠴᠠᠬᠤ ᠪᠠ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠪᠠ᠃ 2024 ᠣᠨ ᠤ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ ᠳᠤᠮᠳᠠᠳᠤ ᠳᠤᠭᠤ᠋ ᠶᠢᠨ ᠬᠠᠷᠢᠯᠴᠠᠭ᠎ᠠ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠣᠨ ᠳᠡᠭᠡᠭᠰᠢᠯᠡᠵᠦ᠂ ᠬᠤᠶᠠᠷ ᠤᠯᠤᠰ ᠤᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ᠃ | ᠪᠢ ᠳᠤᠮᠳᠠᠳᠤ ᠳᠤᠭᠤ᠋ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠳᠤᠭᠤ᠋ ᠶᠢᠨ ᠤᠳᠤᠷᠢᠳᠬᠤ ᠬᠥᠮᠥᠰ ᠲᠠᠢ | ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ | ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠭᠢᠶᠠᠯ ᠪᠤᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ | ᠥᠷᠭᠡᠳᠬᠡᠵᠦ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ | ᠪᠠᠶᠠᠯᠢᠭᠵᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠲᠤᠰ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠠᠰᠠ ᠴᠠᠭᠢᠯᠭᠠᠨ ᠴᠢᠮᠡᠭᠡ ᠶᠠᠪᠤᠭᠤᠯᠵᠤ᠂ ᠹᠦᠯᠸᠢ ᠶᠢᠨ ᠪᠦᠭᠦᠳᠠ | ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ | | |