ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 16 ᠤ ᠡᠳᠦᠷ ᠬᠡᠪᠯᠡᠭᠳᠡᠭᠰᠡᠨ 10 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ | ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ︾ ᠭᠡᠬᠦ | ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 12 ᠰᠠᠷ᠎ᠠ ᠠᠴᠠ 2025 ᠣᠨ ᠤ 3 ᠰᠠᠷ᠎ᠠ ᠪᠤᠯᠲᠠᠯᠠᠭᠢ | ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠯ ᠪᠣᠯᠣᠨ᠎ᠠ᠃ | ᠵᠣᠬᠢᠶᠠᠯ ᠳᠤ᠂ ᠨᠠᠮ ᠤᠨ ᠰᠤᠷᠲᠠᠯ ᠤᠨ ᠠᠰᠠᠭᠤᠳᠠᠯ ᠨᠢ ᠲᠦᠷᠦ ᠪᠠᠷᠢᠭᠴᠢ ᠨᠠᠮ ᠤᠨ ᠮᠠᠨᠳᠤᠵᠤ ᠮᠥᠬᠦᠬᠦ ᠲᠠᠢ ᠬᠤᠯᠪᠣᠭᠳᠠᠨ᠎ᠠ᠃ ᠰᠤᠷᠲᠠᠯ ᠤᠨ ᠪᠠᠶᠢᠭᠤᠯᠤᠯᠲᠠ | ᠨᠢ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠵᠤ ᠴᠢᠳᠠᠬᠤ ᠡᠰᠡᠬᠦ᠂ ᠲᠦᠷᠦ ᠪᠠᠷᠢᠬᠤ ᠡᠭᠦᠷᠭᠡ ᠪᠠᠨ ᠰᠠᠶᠢᠲᠤᠷ ᠭᠦᠢᠴᠡᠳᠬᠡᠵᠦ ᠴᠢᠳᠠᠬᠤ ᠡᠰᠡᠬᠦ ᠲᠠᠢ | ᠬᠤᠯᠪᠣᠭᠳᠠᠵᠤ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠵᠦᠢᠯ ᠵᠦᠢᠯ ᠤᠨ | ᠠᠰᠠᠭᠤᠳᠠᠯ ᠪᠠ ᠭᠡᠮ ᠰᠣᠭᠤᠭ ᠲᠤ ᠰᠢᠭᠤᠳ ᠬᠠᠨᠳᠤᠵᠤ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠠᠴᠠ ᠡᠬᠢᠯᠡᠨ ᠠᠰᠠᠭᠤᠳᠠᠯ ᠢ | ᠰᠢᠢᠳᠪᠦᠷᠢᠯᠡᠵᠦ᠂ ᠰᠢᠨ᠎ᠡ ᠪᠠᠶᠢᠳᠠᠯ ᠤᠨ ᠳᠣᠣᠷ᠎ᠠ ᠰᠤᠷᠲᠠᠯ ᠤᠨ ᠪᠠᠶᠢᠭᠤᠯᠤᠯᠲᠠ ᠳᠤ ᠶᠠᠭᠤ ᠶᠢ ᠠᠳᠬᠤᠬᠤ᠂ ᠬᠡᠷᠬᠢᠨ ᠠᠳᠬᠤᠬᠤ ᠠᠰᠠᠭᠤᠳᠠᠯ ᠢ ᠰᠢᠢᠳᠪᠦᠷᠢᠯᠡᠵᠦ᠂ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠪᠠ᠃ ᠰᠢᠨ᠎ᠡ ᠴᠠᠭ ᠦᠶ᠎ᠡ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠤᠪᠢᠰᠬᠠᠯᠲᠤ ᠴᠢᠨᠠᠷᠲᠠᠢ | ᠳᠠᠪᠲᠠᠯᠲᠠ ᠪᠠᠷ ᠲᠠᠮᠵᠢᠨ ᠰᠠᠬᠢᠯᠭ᠎ᠠ ᠪᠠᠲᠤ ᠰᠤᠯᠠᠷᠠᠵᠤ᠂ ᠰᠤᠷᠲᠠᠯ ᠭᠦᠪᠰᠥᠭᠡᠷ ᠪᠣᠯᠤᠭᠰᠠᠨ ᠪᠠᠶᠢᠳᠠᠯ ᠢᠯᠡᠳᠲᠡ ᠬᠤᠪᠢᠷᠠᠵᠤ᠂ ᠦᠨᠡᠨ ᠬᠦ ᠬᠠᠮᠢᠶᠠᠷᠴᠤ ᠦᠨᠡᠨ ᠬᠦ | ᠴᠢᠩᠳᠠᠯᠠᠵᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠳᠠᠯᠠᠬᠤ ᠠᠭᠤᠷ ᠠᠮᠢᠰᠬᠤᠯ | ᠦᠨᠳᠦᠰᠦᠨ ᠳᠡᠭᠡᠨ ᠪᠦᠷᠢᠯᠳᠦᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠴᠣ ᠰᠢᠨ᠎ᠡ ᠳᠦᠷᠰᠦ ᠪᠠᠶᠢᠳᠠᠯ ᠢᠯᠡᠷᠡᠵᠦ᠂ ᠨᠡᠶᠢᠭᠡᠮ ᠤᠨ ᠰᠤᠷᠲᠠᠯ ᠠᠷᠠᠳ ᠤᠨ | ᠰᠤᠷᠲᠠᠯ ᠦᠷᠭᠦᠯᠵᠢᠯᠡᠨ ᠰᠠᠶᠢᠵᠢᠷᠠᠵᠤ᠂ ᠠᠷᠠᠳ ᠲᠦᠮᠡᠨ ᠤ ᠰᠡᠳᠬᠢᠯ ᠳᠠᠬᠢ ᠨᠠᠮ ᠤᠨ ᠳᠦᠷᠢ ᠲᠥᠷᠬᠦ ᠶᠢ ᠲᠠᠭᠢᠨ ᠱᠤᠭᠤᠵᠠᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠨᠠᠢᠮᠠᠨ ᠲᠣᠭᠲᠠᠭᠠᠯ ᠤᠨ ᠵᠢᠯᠤᠭᠤᠳᠬᠤ ᠦᠵᠡᠯ ᠰᠠᠨᠠᠭ᠎ᠠ ᠪᠣᠯ ᠳᠠᠷᠤᠢ ᠴᠢᠩᠭ᠎ᠠ ᠪᠠᠶᠢᠬᠤ ᠱᠠᠭᠠᠷᠳᠠᠯᠭ᠎ᠠ ᠮᠥᠨ᠃ ᠨᠠᠮ ᠨᠢ ᠨᠠᠮ ᠢ ᠬᠠᠮᠢᠶᠠᠷᠬᠤ᠂ | ᠨᠠᠮ ᠢ ᠴᠢᠩᠭ᠎ᠠ ᠵᠠᠰᠠᠬᠤ ᠶᠢ ᠢᠯᠡᠷᠡᠭᠦᠯᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠠᠴᠠ ᠡᠬᠢᠯᠡᠨ ᠠᠵᠢᠯ ᠤᠨ ᠰᠤᠷᠲᠠᠯ ᠢᠶᠠᠨ | ᠰᠠᠶᠢᠵᠢᠷᠠᠭᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠲᠦᠷᠦᠭᠦᠯᠡᠨ | ᠰᠤᠷᠲᠠᠯ ᠢᠶᠠᠨ ᠰᠠᠶᠢᠵᠢᠷᠠᠭᠤᠯᠵᠤ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠨᠢ ᠳᠠᠷᠤᠢ ᠪᠣᠳᠠᠲᠤ ᠠᠵᠢᠯᠯᠠᠭ᠎ᠠ ᠪᠠᠷ ᠢᠶᠠᠨ ᠪᠦᠭᠦ ᠨᠠᠮ ᠤᠨ | ᠰᠤᠷᠲᠠᠯ ᠢᠶᠠᠨ ᠰᠠᠶᠢᠵᠢᠷᠠᠭᠤᠯᠬᠤ ᠳᠤ ᠰᠠᠶᠢᠨ ᠦᠯᠢᠭᠡᠷ ᠳᠠᠭᠤᠷᠢᠶᠠᠯ ᠦᠵᠡᠭᠦᠯᠭᠦ ᠶᠢᠨ ᠲᠥᠯᠥᠭᠡ ᠶᠤᠮ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠳᠡᠭᠡᠳᠦ ᠱᠠᠲᠤ | ᠨᠢ ᠳᠣᠣᠷᠠᠳᠤ ᠱᠠᠲᠤ ᠪᠠᠨ ᠳᠠᠭᠠᠭᠤᠯᠵᠤ᠂ ᠳᠡᠭᠡᠷ᠎ᠡ ᠠᠴᠠ ᠳᠣᠷᠣᠭᠰᠢ ᠪᠠᠨ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠵᠤ᠂ ᠨᠢᠭᠡ ᠱᠠᠲᠤ ᠨᠢ ᠨᠢᠭᠡ | ᠱᠠᠲᠤᠨ ᠳᠠᠭᠠᠨ ᠳᠠᠭᠤᠷᠢᠶᠠᠯ ᠦᠵᠡᠭᠦᠯᠵᠦ᠂ ᠤᠬᠠᠮᠰᠠᠷ ᠠᠴᠠ ᠪᠠᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠦᠵᠡᠭᠦᠯᠭᠦ ᠬᠡᠷᠡᠭᠲᠡᠢ᠃ ᠪᠢᠳᠠ ᠦᠨᠡᠨ ᠬᠦ | ᠠᠳᠬᠤᠳᠠᠭ ᠯᠠ ᠶᠤᠮ ᠪᠣᠯ ᠰᠢᠢᠳᠪᠦᠷᠢᠯᠡᠵᠦ ᠴᠢᠳᠠᠬᠤ ᠦᠭᠡᠢ ᠠᠰᠠᠭᠤᠳᠠᠯ ᠭᠡᠵᠦ ᠦᠭᠡᠢ ᠶᠤᠮ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠤᠷᠲᠠᠯ ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ ᠪᠠᠨ ᠨᠠᠮᠴᠢ ᠴᠢᠨᠠᠷ ᠤᠨ ᠠᠰᠠᠭᠤᠳᠠᠯ ᠪᠣᠯᠣᠨ᠎ᠠ᠃ ︽ᠲᠦᠷᠪᠡᠨ ᠰᠤᠷᠲᠠᠯ︾ ᠤᠨ | ᠠᠰᠠᠭᠤᠳᠠᠯ ᠤᠨ ᠦᠨᠳᠦᠰᠦ ᠨᠢ ᠪᠣᠯ ᠨᠠᠮᠴᠢ ᠴᠢᠨᠠᠷ ᠠᠴᠠ ᠲᠡᠷᠰᠯᠡᠵᠦ᠂ ᠵᠣᠷᠢᠯᠲᠠ ᠪᠠᠨ ᠠᠯᠳᠠᠭᠰᠠᠨ ᠶᠠᠪᠤᠳᠠᠯ ᠪᠣᠯᠣᠨ᠎ᠠ᠃ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠳᠤ ᠡᠷᠬᠡᠪᠰᠢ ᠨᠠᠮ ᠪᠣᠯᠣᠨ ᠠᠷᠠᠳ ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠪᠠᠲᠤᠯᠠᠬᠤ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ ᠠᠵᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ︽ᠴᠢᠯᠡᠭᠡᠨ ᠠᠴᠠ ᠪᠣᠯᠤᠭᠰᠠᠨ ᠨᠡᠶᠢᠯᠡᠭ ᠭᠡᠮ︾ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠵᠢᠷᠭᠠᠨ ᠴᠡᠩᠭᠡᠬᠦ ᠦᠵᠡᠯ᠂ ᠱᠠᠯᠢᠨ | ᠪᠦᠷᠢᠯᠭᠡᠬᠦ ᠰᠤᠷᠲᠠᠯ ᠵᠡᠷᠭᠡ ᠭᠠᠵᠢᠭᠤ ᠰᠤᠷᠲᠠᠯ ᠮᠠᠭᠤ ᠳᠠᠳᠬᠠᠯ ᠢ ᠴᠤᠬᠤᠶᠢᠮᠠᠬᠴᠠ ᠠᠷᠢᠯᠭᠠᠵᠤ᠂ ︽ᠲᠦᠷᠪᠡᠨ ᠰᠤᠷᠲᠠᠯ︾ ᠤᠨ ᠨᠢᠭᠤᠭᠳᠠᠮᠠᠯ ᠣᠨᠳᠣᠣᠰᠢᠯ ᠤᠨ ᠰᠢᠨ᠎ᠡ | ᠬᠠᠨᠳᠤᠰᠢ ᠶᠢ ᠴᠠᠭ ᠢᠮᠠᠭᠲᠠ ᠰᠡᠷᠭᠡᠶᠢᠯᠡᠵᠦ᠂ ᠲᠠᠭᠢᠨ ᠰᠡᠷᠭᠦᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ︕ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠵᠠᠯᠠᠷᠠᠭᠤᠯᠤᠨ ᠵᠠᠰᠠᠬᠤ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠰᠤᠷᠲᠠᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠪᠤᠯᠭᠠᠵᠤ᠂ ᠴᠢᠭᠯᠡᠭᠦᠯᠦᠯᠲᠦ | ᠴᠢᠨᠠᠷᠲᠠᠢ ᠠᠷᠭ᠎ᠠ ᠬᠡᠮᠵᠢᠶ᠎ᠡ ᠶᠢ ᠰᠤᠳᠤᠯᠵᠤ᠂ ᠰᠢᠨᠵᠢᠯᠡᠬᠦ ᠤᠬᠠᠭᠠᠨᠴᠢ ᠣᠨᠣᠴᠠᠲᠠᠢ ᠬᠠᠷᠠᠯᠲᠠ ᠲᠠᠢ ᠪᠠᠷ ᠴᠡᠭᠴᠡᠯᠡᠨ ᠵᠠᠰᠠᠵᠤ᠂ ᠬᠠᠲᠠᠭᠤ ᠲᠠᠢ ᠨᠢ ᠬᠠᠯᠳᠠᠵᠤ᠂ ᠪᠣᠳᠠᠲᠤ | ᠦᠷ᠎ᠡ ᠪᠦᠲᠦᠮᠵᠢ ᠶᠢ ᠡᠷᠭᠢᠮᠯᠡᠭᠦ ᠬᠡᠷᠡᠭᠲᠡᠢ᠃ ᠴᠥᠬᠦᠷᠡᠰᠢ ᠦᠭᠡᠢ ᠴᠢᠷᠮᠠᠶᠢᠨ ᠲᠡᠮᠡᠴᠡᠬᠦ ᠡᠷᠴᠢ ᠵᠣᠷᠢᠭ᠂ ᠪᠡᠷᠬᠡ ᠳᠠᠪᠠᠭ᠎ᠠ ᠶᠢ ᠳᠠᠪᠠᠭᠤ ᠰᠥᠰᠥ ᠵᠣᠷᠢᠭ ᠢᠶᠠᠷ ᠲᠣᠭᠲᠠᠯ | ᠬᠦᠴᠦᠨ ᠢᠶᠠᠨ ᠪᠠᠲᠤᠯᠠᠵᠤ᠂ ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠲᠤᠭᠤᠰᠢᠲᠠᠢ ᠨᠠᠶᠢᠳᠠᠪᠤᠷᠢᠵᠢᠭᠤᠯᠵᠤ | ᠦᠷ᠎ᠡ ᠪᠦᠲᠦᠮᠵᠢ ᠭᠠᠷᠭᠠᠪᠠᠯ ᠭᠡᠮ ᠠᠷᠬᠠᠭ ᠢ ᠠᠯᠬᠤᠮ ᠠᠯᠬᠤᠮ ᠢᠶᠠᠷ ᠠᠷᠢᠯᠭᠠᠵᠤ᠂ ᠲᠥᠪ ᠴᠢᠬᠡᠴᠢ ᠪᠠᠶᠢᠬᠤ ᠶᠢ ᠪᠡᠶᠡᠯᠡᠭᠦᠯᠵᠦ ᠴᠢᠳᠠᠨ᠎ᠠ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ᠂ ᠳᠠᠭᠤᠰᠤᠰᠢ ᠦᠭᠡᠢ ᠶᠤᠮ᠃ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ | ᠬᠡᠷᠡᠭᠵᠢᠭᠦᠯᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠶᠢᠨ ᠢᠲᠡᠭᠡᠯ ᠪᠠᠶᠢᠭᠤᠯᠬᠤ ᠠᠵᠢᠯᠯᠠᠭ᠎ᠠ ᠮᠥᠨ᠂ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠵᠤ᠂ | ᠤᠳᠠᠭᠠᠨ ᠳᠠᠭᠠᠭᠠᠮᠠᠭᠠᠢ ᠪᠠᠷᠢᠮᠲᠠᠯᠠᠵᠤ᠂ ᠠᠷᠪᠠᠨ ᠵᠢᠯ ᠬᠦᠷᠬᠦ ᠦᠭᠡᠢ ᠪᠣᠯ ᠬᠤᠷᠢᠨ ᠵᠢᠯ᠂ ᠬᠤᠷᠢᠨ ᠵᠢᠯ ᠬᠦᠷᠬᠦ ᠦᠭᠡᠢ ᠪᠣᠯ ᠭᠤᠴᠢᠨ ᠵᠢᠯ ᠴᠢᠷᠮᠠᠶᠢᠵᠤ᠂ ᠬᠡᠪ | ᠰᠤᠷᠲᠠᠯ ᠢ ᠦᠨᠡᠨ ᠬᠦ ᠬᠤᠪᠢᠷᠠᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ᠃ | ᠪᠢᠳᠡ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ᠂ ᠲᠡᠮᠦᠷ ᠪᠠᠷᠢᠪᠠᠯ ᠤᠷᠤᠮ ᠲᠠᠢ ᠪᠠᠶᠢᠬᠤ ᠡᠷᠴᠢ ᠵᠣᠷᠢᠭ ᠢᠶᠠᠷ ᠠᠳᠬᠤᠵᠤ᠂ ᠰᠠᠶᠢᠨ ᠢᠶᠠᠷ ᠡᠬᠢᠯᠡᠭᠦᠯᠵᠦ ᠰᠠᠶᠢᠨ ᠢᠶᠠᠷ | ᠲᠡᠭᠦᠰᠬᠡᠵᠦ᠂ ᠴᠢᠳᠠᠮᠠᠭᠠᠢ ᠠᠵᠢᠯᠯᠠᠵᠤ ᠰᠠᠶᠢᠨ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠪᠠ᠂ ᠡᠨᠡ ᠪᠣᠯ ᠡᠨᠡ ᠵᠢᠯ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠠᠮ ᠤᠨ ᠭᠡᠰᠢᠭᠦᠨ᠂ ᠺᠠᠳ᠋ᠷ ᠤᠨ ᠲᠣᠭᠲᠠᠯ ᠬᠦᠴᠦᠨ ᠢᠶᠠᠨ ᠨᠡᠮᠡᠭᠳᠡᠭᠦᠯᠬᠦ᠂ ᠳᠠᠳᠬᠠᠯ ᠪᠤᠯᠬᠤ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | | | | | | | |