5 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠢᠦᠢ ᠬᠠᠢ ᠢᠦᠢ ᠲᠡᠭᠦᠨ ᠤ ᠳᠠᠭᠠᠭᠠᠴᠢᠯᠠᠨ | ᠬᠠᠷᠢᠯᠴᠠᠵᠤ ᠪᠠᠶᠢᠭ᠎ᠠ ᠳ᠋ᠦᠩᠱᠧᠩ ᠲᠣᠭᠤᠷᠢᠭ ᠲᠤ ᠬᠦᠷᠴᠦ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠱᠠᠯᠠᠪᠳᠠᠭᠤᠯᠤᠨ | ᠵᠢᠯᠤᠭᠤᠳᠴᠤ ᠪᠠᠶᠢᠴᠠᠭᠠᠬᠤ ᠳᠠᠭᠠᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠣᠯᠣᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠴᠢᠳᠠᠪᠬᠢ ᠶᠢ | ᠦᠷᠭᠦᠯᠵᠢᠯᠡᠨ ᠳᠡᠭᠡᠭᠰᠢᠯᠡᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢ ᠰᠢᠨ ᠱᠤ᠋᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠲᠣᠤ ᠣᠷᠤᠯᠴᠠᠪᠠ᠃ | ᠰᠠᠶᠢᠨᠲᠠᠶᠢᠵᠢ ᠨᠠᠭᠤᠷ ᠤᠨ ᠲᠣᠭᠤᠷᠢᠭ᠂ ᠬᠤᠶᠢᠲᠤ ᠲᠡᠭᠦᠷᠭᠡ ᠶᠢᠨ ᠤᠰᠤ ᠴᠡᠪᠡᠷᠰᠢᠭᠦᠯᠬᠦ ᠦᠢᠯᠡᠳᠪᠦᠷᠢ ᠳᠤ᠂ ᠢᠦᠢ ᠬᠠᠢ ᠢᠦᠢ ᠭᠤᠣᠯ ᠮᠥᠷᠡᠨ ᠨᠠᠭᠤᠷ | ᠴᠥᠭᠦᠷᠥᠮ ᠢ ᠵᠠᠰᠠᠬᠤ ᠪᠠ ᠪᠣᠬᠢᠷ ᠤᠰᠤ ᠶᠢ ᠰᠢᠢᠳᠪᠦᠷᠢᠯᠡᠬᠦ ᠤᠷ᠎ᠠ ᠮᠡᠷᠭᠡᠰᠢᠯ᠂ ᠣᠷᠣᠭᠤᠯᠵᠤ ᠭᠠᠷᠭᠠᠬᠤ ᠤᠰᠤᠨ ᠤ ᠬᠡᠮᠵᠢᠶ᠎ᠡ᠂ ᠭᠠᠳᠠᠭᠰᠢᠯᠠᠭᠤᠯᠬᠤ ᠪᠠᠷᠢᠮᠵᠢᠶ᠎ᠠ | ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠣᠳᠠᠲᠠᠢ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃ ᠲᠡᠷᠡ᠂ ᠠᠮᠢᠳᠤᠷᠠᠯ ᠤᠨ ᠪᠣᠬᠢᠷ ᠤᠰᠤ | ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠤᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠬᠢ | ᠡᠭᠦᠰᠦᠯ ᠠᠴᠠ ᠨᠢ ᠪᠣᠬᠢᠷᠲᠤᠯ ᠢ ᠲᠠᠰᠤᠯᠬᠤ᠂ ᠭᠤᠣᠯ ᠤᠨ ᠵᠠᠮ ᠢ ᠵᠠᠰᠠᠬᠤ᠂ ᠡᠷᠭᠢ ᠶᠢᠨ ᠱᠤᠭᠤᠮ ᠢ ᠬᠠᠮᠢᠶᠠᠷᠤᠨ ᠬᠠᠮᠠᠭᠠᠯᠠᠬᠤ᠂ ᠠᠮᠢ ᠠᠬᠤᠢ ᠶᠢᠨ ᠤᠰᠤ | ᠨᠥᠬᠦᠪᠦᠷᠢᠯᠡᠬᠦ᠂ ᠬᠤᠳᠠ ᠶᠢᠨ ᠤᠰᠤᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠤᠰᠤ ᠨᠢ | ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠦᠯᠢᠭᠡᠷ ᠳᠠᠭᠤᠷᠢᠶᠠᠯ ᠢ ᠡᠭᠦᠳᠬᠦ | ᠬᠡᠷᠡᠭᠲᠡᠢ ᠭᠡᠪᠡ᠃ | ᠤᠰᠤ ᠶᠢᠨ ᠬᠤᠭ ᠨᠣᠪᠰᠢ ᠪᠤᠯᠠᠬᠤ ᠭᠠᠵᠠᠷ᠂ ᠰᠢᠨ ᠷᠦᠢ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠺᠣᠮᠫᠠᠨᠢ᠂ ᠬᠤᠲᠠ ᠶᠢᠨ ᠲᠡᠭᠦᠷᠭᠡ ᠶᠢᠨ | ᠪᠠᠷᠢᠯᠭ᠎ᠠ ᠶᠢᠨ ᠬᠤᠭ ᠨᠣᠪᠰᠢ ᠶᠢ ᠲᠦᠷ ᠣᠪᠣᠭᠠᠯᠠᠬᠤ ᠭᠠᠵᠠᠷ᠂ ᠳ᠋ᠦᠩᠱᠧᠩ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠥᠪ ᠲᠤ᠂ ᠢᠦᠢ | ᠬᠠᠢ ᠢᠦᠢ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠬᠤ ᠳᠠᠭᠠᠨ᠂ ᠬᠤᠭ ᠨᠣᠪᠰᠢ ᠶᠢᠨ | ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ ᠲᠦᠷᠭᠡᠳᠬᠡᠨ ᠠᠬᠢᠭᠤᠯᠵᠤ᠂ ᠬᠤᠷᠢᠶᠠᠬᠤ ᠶᠣᠰᠣᠲᠠᠢ ᠶᠢ ᠨᠢ | ᠪᠦᠬᠦᠨ ᠢ ᠬᠤᠷᠢᠶᠠᠨ ᠠᠪᠬᠤ ᠵᠠᠷᠴᠢᠮ ᠶᠣᠰᠣᠭᠠᠷ ᠬᠠᠶᠠᠬᠤ ᠴᠡᠭ᠂ ᠳᠠᠮᠵᠢᠭᠤᠯᠬᠤ ᠦᠷᠳᠡᠭᠡ ᠶᠢ ᠵᠣᠬᠢᠰᠲᠠᠢ ᠪᠠᠶᠢᠷᠢᠯᠠᠭᠤᠯᠵᠤ᠂ ᠬᠤᠷᠢᠶᠠᠨ ᠲᠡᠭᠡᠭᠡᠪᠦᠷᠢᠯᠡᠬᠦ | ᠰᠢᠢᠳᠪᠦᠷᠢᠯᠡᠬᠦ ᠪᠦᠬᠦ ᠬᠡᠯᠬᠢᠶ᠎ᠡ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠴᠦᠨ | ᠨᠡᠮᠡᠷᠢᠯᠡᠬᠦ ᠶᠢ ᠴᠢᠩᠭᠠᠳᠬᠠᠵᠤ᠂ ᠬᠤᠭ ᠨᠣᠪᠰᠢ ᠶᠢ ︽ᠡᠷᠳᠡᠨᠢ ᠪᠣᠯᠭᠠᠬᠤ︾ ᠶᠢ ᠠᠬᠢᠭᠤᠯᠵᠤ᠂ ᠡᠬᠢ ᠪᠠᠶᠠᠯᠢᠭ ᠢ ᠡᠷᠭᠢᠯᠳᠦᠭᠦᠯᠦᠨ ᠥᠨᠳᠥᠷ ᠪᠦᠲᠦᠮᠵᠢᠲᠡᠢ ᠠᠮᠤᠷ | ᠲᠦᠪᠰᠢᠨ ᠢᠶᠠᠷ ᠠᠰᠢᠭᠯᠠᠬᠤ ᠶᠢ ᠪᠡᠶᠡᠯᠡᠭᠦᠯᠬᠦ ᠬᠡᠷᠡᠭᠲᠡᠢ ᠭᠡᠪᠡ᠃ | ᠡᠨᠡ ᠬᠤᠭᠤᠴᠠᠭᠠᠨ ᠳᠤ᠂ ᠢᠦᠢ ᠬᠠᠢ ᠢᠦᠢ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠬᠠᠰᠢᠯᠭ᠎ᠠ ᠶᠢᠨ ᠭᠤᠣᠯ ᠤᠨ ᠵᠠᠮ ᠳᠤ ᠬᠦᠷᠴᠦ | ᠲᠣᠭᠲᠠᠭᠠᠯ ᠠᠴᠠ ᠵᠥᠷᠢᠴᠡᠨ ᠬᠤᠭ ᠨᠣᠪᠰᠢ ᠬᠠᠶᠠᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ ᠳᠠᠯᠳᠠ ᠪᠠᠷ ᠰᠤᠷᠪᠤᠯᠵᠢᠯᠠᠨ ᠪᠠᠶᠢᠴᠠᠭᠠᠵᠤ᠂ ᠣᠳᠣᠬᠠᠨ ᠳᠤ | ᠥᠭᠡᠷᠡᠴᠢᠯᠡᠬᠦ ᠪᠠ ᠤᠷᠳᠤ ᠬᠤᠭᠤᠴᠠᠭ᠎ᠠ ᠪᠠᠷ ᠪᠠᠶᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ | ᠠᠳᠬᠤᠵᠤ᠂ ᠬᠠᠮᠢᠶᠠᠷᠤᠯᠲᠠ ᠶᠢᠨ ᠠᠯᠳᠠᠰᠢ ᠭᠠᠷᠬᠤ ᠶᠢ ᠬᠤᠷᠢᠭᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | |