ᠳ᠋ᠦᠩᠱᠧᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠳᠤ ︽ᠬᠤᠷᠳᠤ︾ ᠨᠡᠮᠡᠨ᠎ᠡ
ᠨᠡᠶᠢᠲᠡᠯᠡᠭᠰᠡᠨ ᠴᠠᠭ᠄
2025/5/19
     ᠣᠶᠢᠷ᠎ᠠ ᠶᠢᠨ ᠵᠢᠯ ᠳᠤ᠂ ᠳ᠋ᠦᠩᠱᠧᠩ ᠲᠣᠭᠤᠷᠢᠭ ᠣᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠭᠤᠣᠯᠳᠠᠯᠭ᠎ᠠ ᠲᠠᠢ ᠤᠴᠢᠷ ᠶᠠᠪᠤᠳᠠᠯ ᠢ ᠨᠠᠶᠢᠳᠠᠪᠤᠷᠢᠵᠢᠭᠤᠯᠬᠤ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ 172 ᠵᠦᠢᠯᠡᠰ ᠢ ᠡᠮᠬᠢᠯᠡᠨ ᠳᠢᠭᠯᠡᠵᠦ᠂ ᠠᠵᠤ ᠠᠬᠤᠶᠢᠯᠠᠯ ᠡᠷᠭᠢᠯᠡᠬᠦ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠤ᠂ ︽ᠪᠢ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠨᠡᠭᠡᠭᠡᠬᠦ︾ ᠵᠡᠷᠭᠡ 7 ᠲᠥᠷᠥᠯ ᠤᠨ ᠣᠨᠴᠠᠯᠢᠭᠲᠤ ᠦᠢᠯᠡᠴᠢᠯᠡᠭᠡ ᠶᠢ ᠰᠢᠨ᠎ᠡ ᠪᠠᠷ ᠡᠭᠦᠳᠴᠦ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ︽ᠣᠯᠠᠨ ᠰᠠᠯᠠᠭ᠎ᠠ ᠮᠥᠴᠢᠷ ᠬᠤᠯᠪᠣᠭᠠᠯᠠᠬᠤ︾ ᠪᠠᠶᠢᠭᠰᠠᠨ ᠠᠴᠠ ︽ᠨᠢᠭᠡ ᠴᠣᠩᠬᠤᠪᠴᠢ ᠳᠤ ᠨᠡᠶᠢᠯᠡᠭᠦᠯᠬᠦ︾ ᠪᠣᠯᠭᠠᠨ ᠬᠤᠪᠢᠷᠠᠭᠤᠯᠵᠤ᠂ ︽ᠨᠢᠭᠡ ᠯᠠ ᠬᠦᠰᠦᠨᠦᠭᠲᠦ ᠪᠠᠷ ᠭᠤᠶᠤᠴᠢᠯᠠᠬᠤ᠂ ᠨᠢᠭᠡ ᠯᠡ ᠤᠳᠠᠭ᠎ᠠ ᠲᠤᠰᠢᠶᠠᠬᠤ᠂ ᠨᠢᠭᠡ ᠯᠠ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾᠎ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ 5 ᠲᠦᠮᠡ ᠭᠠᠷᠤᠢ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾᠎ ᠶᠢ ᠪᠡᠶᠡᠯᠡᠭᠦᠯᠵᠦ᠂ ᠡᠭᠦᠨ ᠳᠤ᠂ ᠮᠥᠩᠬᠡ ᠰᠤᠪᠠᠭ ᠳᠡᠭᠡᠷ᠎ᠡ ᠰᠠᠶ᠋ᠢ ᠭᠠᠷᠤᠭᠰᠠᠨ ᠨᠢᠯᠬ᠎ᠠ ᠬᠡᠦᠬᠡᠳ ᠤᠨ ᠪᠦᠬᠦᠶᠢᠯᠡ ᠭᠦᠢᠴᠡᠳᠭᠡᠯ ᠢ ᠨᠢᠭᠡᠯᠠ ᠳᠣᠣᠷ᠎ᠠ ᠭᠦᠢᠴᠡᠳᠭᠡᠬᠦ ᠠᠵᠢᠯ ᠢ 4200 ᠭᠠᠷᠤᠢ ᠬᠤᠪᠢ ᠪᠡᠶᠡᠯᠡᠭᠦᠯᠵᠦ᠂ ᠪᠥᠬᠦ ᠬᠤᠲᠠ ᠶᠢᠨ ᠠᠳᠠᠯᠢ ᠲᠥᠷᠥᠯ ᠤᠨ ᠲᠤᠬᠠᠶᠢᠯᠠᠭᠰᠠᠨ ᠠᠵᠢᠯ ᠤᠨ ᠬᠡᠮᠵᠢᠶᠡᠨ ᠤ 58%᠎ ᠶᠢ ᠡᠵᠡᠯᠡᠵᠦ ᠪᠣᠶ᠃      ᠤᠤᠯ ᠨᠢ ᠣᠯᠠᠨ ᠬᠤᠪᠢ ᠮᠠᠲ᠋ᠧᠷᠢᠶᠠᠯ ᠲᠤᠰᠢᠶᠠᠵᠤ᠂ 3 ᠰᠠᠯᠠᠭ᠎ᠠ ᠮᠥᠴᠢᠷ ᠢᠶᠠᠷ ᠳᠠᠮᠵᠢᠯᠴᠠᠨ ᠭᠠᠷᠭᠠᠵᠤ ᠴᠢᠳᠠᠬᠤ ᠵᠡᠮᠳᠡᠭᠴᠦᠳ ᠤᠨ ᠦᠨᠡᠮᠯᠡᠯ ᠤᠨ ᠲᠠᠰ ᠳᠡᠪᠰᠢᠬᠦ ᠭᠡᠷᠡᠴᠢᠯᠡᠯ ᠢ ᠣᠲᠣ ᠵᠥᠪᠬᠡᠨ ᠨᠢᠭᠡ ᠯᠡ ᠬᠦᠰᠦᠨᠦᠭ ᠲᠠᠭᠯᠠᠪᠠᠯ ᠳᠠᠷᠤᠢ ︽ᠨᠢᠭᠡᠯᠠ ᠭᠠᠵᠠᠷ ᠲᠤ ᠭᠦᠢᠴᠡᠳᠭᠡᠪᠡᠯ᠂ ᠣᠯᠠᠨ ᠭᠠᠵᠠᠷ ᠬᠤᠯᠪᠤᠭᠠᠯᠠᠨ ᠬᠥᠳᠡᠯᠦᠯᠴᠡᠬᠦ︾᠎ ᠶᠢ ᠪᠡᠶᠡᠯᠡᠭᠦᠯᠵᠦ ᠴᠢᠳᠠᠬᠤ ᠪᠣᠯᠪᠠ᠃      ᠡᠨᠡ ᠵᠢᠯ ᠠᠴᠠ ᠨᠠᠰᠢ᠂ ᠳ᠋ᠦᠩᠱᠧᠩ ᠲᠣᠭᠤᠷᠢᠭ ᠤᠨ ᠬᠢᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ︽ᠳ᠋ᠠᠶᠢᠲ᠋ᠠ ᠶᠢ ᠭᠦᠶᠦᠯᠭᠡᠬᠦ︾᠎ ᠪᠠᠷ ︽ᠣᠯᠠᠨ ᠲᠦᠮᠡᠨ ᠢ ᠭᠦᠶᠦᠯᠭᠡᠬᠦ︾᠎ ᠶᠢ ᠣᠷᠣᠯᠠᠭᠤᠯᠵᠤ᠂ ᠴᠢᠨᠠᠷ ᠴᠢᠨᠰᠠᠭ᠎ᠠ ᠲᠠᠢ᠂ ᠬᠠᠯᠠᠭᠤᠨ ᠳᠣᠲᠤᠨᠤᠰᠤᠭ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠬᠠᠩᠭᠠᠬᠤ ᠪᠣᠯᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ