5 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠲᠠ ᠶᠢᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠵᠢᠴᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠭᠤᠴᠢᠨ ᠲᠠᠪᠤᠳᠡᠬᠢ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠢᠶᠠᠷ | ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠵᠡᠮᠳᠡᠭᠴᠦᠳ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠵᠡᠮᠳᠡᠭᠴᠦᠳ ᠢ ᠲᠤᠰᠠᠯᠠᠬᠤ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠣᠷᠴᠢᠨ ᠠᠬᠤᠢ ᠶᠢ ᠪᠤᠢ ᠪᠣᠯᠭᠠᠵᠤ᠂ | ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠥᠯᠦᠪᠵᠢᠭᠦᠯᠭᠡ ᠶᠢᠨ ᠭᠠᠷᠴᠠᠭ ᠤᠨ ᠨᠠᠷᠢᠨ ᠳᠠᠩᠰᠠ ᠶᠢ | ᠰᠤᠳᠤᠯᠵᠤ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠡᠭᠦᠷᠭᠡ ᠶᠢ | ᠣᠨᠣᠪᠴᠢᠲᠠᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠪᠠᠲᠤᠲᠠᠢ ᠪᠥᠭᠡᠳ ᠪᠦᠷᠢᠨ ᠬᠢᠬᠦ ᠪᠠᠷ ᠴᠢᠷᠮᠠᠶᠢᠵᠤ᠂ ᠦᠨᠡᠨ ᠬᠦ ᠴᠢᠨᠠᠷ ᠰᠠᠶᠢᠲᠠᠢ | ᠲᠥᠯᠦᠪᠵᠢᠭᠦᠯᠭᠡ ᠪᠠᠷ ᠪᠦᠬᠦ ᠬᠤᠲᠠ ᠶᠢ ᠬᠥᠲᠥᠯᠥᠨ ᠳᠠᠭᠠᠭᠤᠯᠵᠤ ᠰᠢᠨ᠎ᠡ ᠵᠠᠮ ᠢᠶᠠᠷ ᠵᠠᠮᠨᠠᠵᠤ᠂ ᠡᠮᠦᠨ᠎ᠡ ᠡᠩᠨᠡᠭᠡᠨ ᠳᠤ ᠣᠷᠣᠬᠤ ᠬᠡᠷᠡᠭᠲᠡᠢ ᠭᠡᠵᠤ ᠴᠢᠬᠤᠯᠠᠴᠢᠯᠠᠪᠠ᠃ | | ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠵᠠᠰᠠᠭ ᠤᠨ ᠪᠠᠶᠢᠭᠤᠯᠤᠯᠭ᠎ᠠ ᠶᠢᠨ ᠠᠷᠪᠢᠯᠠᠨ ᠭᠠᠮᠨᠠᠬᠤ ᠶᠢ ᠡᠷᠬᠢᠮᠯᠡᠵᠦ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠳᠦᠷᠢᠮ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠵᠠᠰᠠᠭ ᠤᠨ ᠣᠷᠳᠣᠨ ᠤ | ᠰᠢᠰᠲ᠋ᠧᠮ ᠤᠨ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠦᠨ ᠱᠤᠤ ᠴᠧᠩ ᠱᠦᠵᠢ ᠶᠢᠨ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠬᠢ ᠵᠢᠭᠠᠪᠤᠷᠢ ᠶᠢᠨ ᠱᠠᠭᠠᠷᠳᠠᠯᠭ᠎ᠠ | ᠪᠣᠯᠣᠨ ᠬᠤᠰᠢᠭᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠤᠶᠠᠳᠤᠭᠠᠷ ᠤᠯᠠᠷᠢᠯ ᠤᠨ ᠠᠵᠤ ᠠᠬᠤᠢ ᠶᠢᠨ ᠠᠵᠢᠯ ᠢ | ᠪᠦᠬᠦ ᠲᠠᠯ᠎ᠠ ᠪᠠᠷ ᠰᠠᠶᠢᠲᠤᠷ ᠠᠳᠬᠤᠵᠤ᠂ ᠬᠤᠰᠢᠭᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠳᠤᠨ | ᠭᠤᠣᠯ ᠤᠨ ᠳᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠬᠤᠳᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠢᠳᠡᠭᠡᠨ ᠪᠠ ᠡᠮ ᠤᠨ ᠵᠦᠢᠯ ᠤᠨ ᠦᠢᠯᠡᠳᠪᠦᠷᠢᠯᠡᠯ᠂ ᠭᠦᠢᠯᠭᠡᠭᠡ᠂ ᠪᠣᠷᠤᠯᠠᠭᠤᠯᠭ᠎ᠠ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠪᠦᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠪᠣᠳᠠᠲᠠᠶᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠬᠠᠮᠲᠤᠪᠠᠷ ᠵᠠᠰᠠᠵᠤ | ᠬᠠᠮᠲᠤᠪᠠᠷ ᠡᠳ᠋ᠯᠡᠬᠦ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ᠂ ᠠᠵᠤ ᠠᠬᠤᠶᠢᠯᠠᠯ ᠤᠨ ᠥᠷᠢ ᠰᠢᠷᠢ ᠶᠢ ᠠᠷᠢᠯᠭᠠᠬᠤ ᠵᠡᠷᠭᠡ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠡᠮᠦᠨ᠎ᠡ ᠬᠠᠮᠲᠤ ᠪᠠᠷ ᠬᠠᠤᠯᠢ ᠰᠤᠷᠤᠯᠴᠠᠵᠤ᠂ ᠱᠠᠨᠳᠦ᠋ᠩ ᠮᠤᠵᠢ ᠶᠢᠨ ᠢᠳᠡᠭᠡᠨ ᠪᠠ ᠡᠮ ᠤᠨ ᠵᠦᠢᠯ ᠢ ᠰᠢᠯᠭᠠᠨ ᠪᠠᠶᠢᠴᠠᠭᠠᠬᠤ ᠰᠤᠳᠤᠯᠭᠠᠨ ᠤ | ᠬᠦᠷᠢᠶᠡᠯᠡᠩ ᠤᠨ ᠵᠢᠩᠬᠢᠨᠢ ᠳᠡᠭᠡᠳᠦ ᠵᠡᠷᠭᠡ ᠶᠢᠨ ᠢᠨᠵᠧᠨᠧᠷ ᠵᠠᠩ ᠷᠠᠨ ᠢ ᠤᠷᠢᠵᠤ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ | ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠤᠨ ᠲᠤᠬᠠᠢ ᠲᠠᠶᠢᠯᠤᠮᠵᠢ ᠬᠢᠯᠭᠡᠪᠡ᠃ | | | |