ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠬᠢᠭᠡᠳ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ 2025 ᠣᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠣᠷᠳᠣᠰ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/5/20
          5 ᠰᠠᠷ᠎ᠠ ᠶᠢᠨ 17᠎ ᠤ ᠡᠳᠦᠷ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠬᠢᠭᠡᠳ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ 2025 ᠣᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠣᠷᠳᠣᠰ ᠬᠤᠲᠠ ᠳᠤ ᠬᠤᠷᠠᠯᠳᠤᠪᠠ᠃ ᠬᠤᠲᠠ  ᠶᠢᠨ ᠨᠠᠮ ᠤᠨ ᠬᠤᠷᠢᠶ᠎ᠠ ᠶᠢᠨ ᠪᠠᠶᠢᠩᠭᠤ  ᠶᠢᠨ ᠭᠡᠰᠢᠭᠦᠨ᠂ ᠬᠤᠲᠠ  ᠶᠢᠨ ᠳᠡᠳ᠋ ᠳᠠᠷᠤᠭ᠎ᠠ ᠬᠤᠸᠠᠩ ᠶᠠᠨ ᠵᠠᠩ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠲᠤᠰ ᠤᠳᠠᠭᠠᠨ ᠤ ᠬᠤᠷᠠᠯ ᠨᠢ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠦᠢᠯᠡᠰ ᠤᠨ ᠲᠣᠭᠲᠠᠯᠴᠠᠭ᠎ᠠ ᠶᠢᠨ ᠪᠠᠶᠢᠭᠤᠯᠤᠯᠲᠠ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠠᠮᠢ ᠠᠬᠤᠢ ᠶᠢᠨ ᠰᠡᠷᠭᠦᠭᠡᠯᠲᠡ ᠵᠡᠷᠭᠡ ᠵᠥᠪᠯᠡᠬᠦ ᠵᠦᠢᠯ 16 ᠨᠡᠷ᠎ᠡ ᠬᠦᠨᠳᠦᠲᠦ ᠰᠢᠨᠵᠢᠯᠡᠬᠦ ᠤᠬᠠᠭᠠᠨᠲᠠᠨ ᠭᠤᠣᠯ ᠵᠣᠷᠢᠯᠲᠠ ᠶᠢᠨ ᠮᠡᠳᠡᠭᠦᠯᠦᠯᠲᠡ ᠬᠢᠵᠦ᠂ 24 ᠲᠤᠰᠬᠠᠢ ᠮᠡᠷᠭᠡᠵᠢᠯᠲᠡᠨ ᠡᠷᠳᠡᠮᠲᠡᠨ ᠵᠡᠷᠭᠡᠴᠡᠭᠡ ᠶᠠᠷᠢᠶᠠᠨ ᠤ ᠲᠠᠪᠴᠠᠩ ᠤᠨ ᠡᠷᠳᠡᠮ ᠰᠢᠨᠵᠢᠯᠡᠭᠡᠨ ᠤ ᠮᠡᠳᠡᠭᠦᠯᠦᠯᠲᠡ ᠬᠢᠪᠡ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ