5 ᠳ᠋ᠤᠭᠠᠷ ᠰᠠᠷ᠎ᠠ ᠶᠢᠨ 19 ᠤ ᠡᠳᠦᠷ᠂ ︽ᠦᠵᠡᠰᠬᠦᠯᠡᠩᠲᠦ ᠰᠠᠶᠢᠬᠠᠨ ᠠᠭᠤᠯᠠ ᠤᠰᠤ᠂ ᠥᠨᠢᠷ ᠪᠠᠶᠠᠰᠬᠤᠯᠠᠩᠲᠤ ᠵᠢᠭᠤᠯᠴᠢᠯᠠᠯ︾ ᠭᠡᠬᠦ ᠭᠤᠣᠯ | ᠰᠡᠳᠦᠪᠲᠦ 2025 ᠣᠨ ᠤ ︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠪᠢᠶᠠᠷᠢ ᠬᠤᠷᠠᠯ ᠤᠨ ᠲᠠᠯᠠᠪᠠᠶ ᠶᠢᠨ ᠠᠵᠢᠯᠯᠠᠭ᠎ᠠ ᠮᠠᠨ ᠤ ᠬᠤᠲᠠ ᠳᠤ ᠡᠬᠢᠯᠡᠪᠡ᠃ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ | ᠢᠦᠢ ᠬᠠᠢ ᠢᠦᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ | ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠰᠢᠨᠬᠤᠸᠠ ᠬᠤᠷᠢᠶ᠎ᠠ ᠶᠢᠨ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠳᠠᠷᠤᠭ᠎ᠠ ᠯᠢᠦ ᠸᠧᠢ᠂ | ᠬᠤᠳᠠ ᠶᠢᠨ ᠤᠳᠤᠷᠢᠳᠤᠯᠭ᠎ᠠ ᠵᠠᠩ ᠸᠧᠢ᠂ ᠬᠤᠸᠠᠩ ᠶᠠᠨ ᠵᠠᠩ᠂ ᠵᠧᠦ ᠬᠦᠢ ᠷᠦᠩ ᠣᠷᠣᠯᠴᠠᠪᠠ᠃ | | | | | ᠢᠦᠢ ᠬᠠᠢ ᠢᠦᠢ ᠪᠠᠶᠠᠷ ᠤᠨ ᠦᠭᠡ ᠳᠡᠭᠡᠨ᠂ ᠣᠷᠳᠣᠰ ᠬᠤᠳᠠ ᠪᠣᠯ ᠡᠵᠢ ᠭᠤᠣᠯ ᠬᠠᠳᠤᠨ ᠭᠤᠣᠯ ᠢᠶᠠᠷ ᠬᠦᠷᠢᠶᠡᠯᠡᠭᠳᠡᠭᠰᠡᠨ ᠳᠤᠮᠳᠠᠳᠤ ᠤᠯᠤᠰ ᠤᠨ | ᠰᠢᠯᠢᠳᠡᠭ ᠵᠢᠭᠤᠯᠴᠢᠯᠠᠯ ᠤᠨ ᠬᠤᠳᠠ ᠪᠣᠯᠣᠨ᠎ᠠ᠂ ᠠᠳᠡ ᠭᠤᠶᠢᠳᠠ ᠰᠠᠶᠢᠬᠠᠨ ᠥᠩᠭᠡ ᠦᠵᠡᠮᠵᠢ᠂ ᠥᠨᠢᠷ ᠪᠠᠶᠠᠯᠢᠭ ᠰᠣᠶᠣᠯ ᠡᠷᠳᠡᠨᠢ᠂ ᠲᠠᠩᠰᠤᠭ ᠰᠠᠶᠢᠬᠠᠨ ᠠᠮᠢ | ᠠᠬᠤᠢ ᠪᠠ ᠥᠨᠢᠳᠡ ᠤᠳᠠᠭᠠᠨ ᠰᠣᠶᠣᠯ ᠢᠷᠭᠡᠨᠰᠢᠯ ᠤᠨ ᠭᠤᠸ᠎ᠠ ᠰᠠᠶᠢᠬᠠᠨ ᠢ ᠡᠳ᠋ᠯᠡᠬᠦ ᠪᠣᠯᠣᠨ᠎ᠠ᠃ ᠡᠨᠡ ᠵᠢᠯ ᠠᠴᠠ ᠨᠠᠰᠢ᠂ ᠣᠷᠳᠣᠰ ᠬᠤᠲᠠ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠤᠬᠠᠭᠤᠯᠭ᠎ᠠ | ᠲᠠᠨᠢᠯᠴᠠᠭᠤᠯᠭ᠎ᠠ ᠪᠠᠨ ᠴᠢᠩᠭᠠᠷᠠᠭᠤᠯᠤᠨ᠂ ᠳᠤᠯᠠᠭᠠᠨ ᠬᠤᠲᠠ ᠶᠢᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭᠲᠦ ᠶᠢᠨ ᠠᠯᠳᠠᠷᠰᠢᠯ ᠢ ᠦᠷᠭᠦᠯᠵᠢᠯᠡᠨ | ᠳᠡᠭᠡᠭᠰᠢᠯᠡᠭᠦᠯᠵᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠴᠡᠴᠡᠭᠯᠡᠨ ᠬᠥᠭᠵᠢᠭᠰᠡᠨ ᠪᠠᠶᠢᠳᠠᠯ ᠢᠯᠡᠷᠡᠪᠡ᠃ ᠪᠦᠬᠦ ᠤᠯᠤᠰ ᠤᠨ ᠥᠷᠭᠡᠨ | ᠤᠯᠠᠨ ᠵᠢᠭᠤᠯᠴᠢᠯᠠᠭᠰᠠᠳ ᠪᠣᠯᠣᠨ ᠠᠵᠤ ᠠᠬᠤᠶᠢᠯᠠᠯᠲᠠᠳ ᠣᠷᠳᠣᠰ ᠲᠤ ᠵᠤᠭᠠᠴᠠᠨ ᠲᠣᠭᠤᠷᠢᠬᠤ᠂ ᠰᠡᠯᠡᠭᠦᠴᠡᠨ ᠠᠮᠠᠷᠠᠬᠤ ᠪᠠ ᠪᠡᠯᠡ ᠣᠷᠣᠭᠤᠯᠤᠨ ᠦᠢᠯᠡᠰ | ᠪᠣᠰᠬᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠬᠠᠭᠤᠳᠠᠰᠤ ᠶᠢ ᠭᠠᠷ ᠬᠤᠯᠪᠣᠨ ᠬᠠᠮᠲᠤᠪᠠᠷ ᠪᠢᠴᠢᠭᠯᠡᠵᠦ᠂ ᠰᠣᠶᠣᠯ ᠵᠢᠭᠤᠯᠴᠢᠯᠠᠯ ᠤᠨ | ᠬᠥᠭᠵᠢᠯᠲᠡ ᠶᠢᠨ ᠰᠢᠨ᠎ᠡ ᠢᠷᠡᠭᠡᠳᠦᠢ ᠶᠢ ᠬᠠᠮᠲᠤᠪᠠᠷ ᠨᠡᠭᠡᠭᠡᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ | | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ | ᠤᠬᠠᠭᠤᠯᠭ᠎ᠠ ᠶᠢᠨ ᠹᠢᠯᠢᠮ ᠢ ᠨᠠᠪᠲᠠᠷᠡᠭᠦᠯᠵᠦ᠂ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠲᠠᠨ ᠢ ᠤᠷᠢᠵᠤ ᠠᠶᠠᠯᠭᠤᠲᠤ ᠥᠪᠥᠷ ᠮᠣᠩᠭᠤᠯ ᠢᠶᠠᠷ ᠠᠶᠠᠯᠠᠭᠤᠯᠤᠶ᠎ᠠ | ︾ ᠭᠡᠬᠦ ᠰᠣᠶᠣᠯ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠬᠢᠵᠦ᠂ ᠵᠢᠭᠤᠯᠴᠢᠯᠠᠯ ᠤᠨ ᠭᠠᠵᠠᠷ ᠤᠨ ᠲᠥᠯᠥᠭᠡᠯᠡᠭᠴᠢ ᠪᠣᠯᠪᠠᠰᠤᠨ ᠵᠢᠭᠤᠯᠴᠢᠯᠠᠯ ᠤᠨ | ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠵᠣᠨ ᠤ | ᠤᠯᠠᠷᠢᠯ ᠤᠨ ᠬᠡᠷᠡᠭᠯᠡᠭᠡᠨ ᠤ ᠠᠵᠢᠯᠯᠠᠭ᠎ᠠ ᠪᠠ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ 2025 ᠣᠨ ᠤ ᠣᠷᠳᠣᠰ ᠤᠨ ᠵᠢᠭᠤᠯᠴᠢᠯᠠᠯ ᠤᠨ ᠪᠦᠷᠢᠨ ᠴᠢᠳᠠᠮᠵᠢᠲᠤ ᠺᠠᠷᠲ ᠤᠨ ᠣᠨ ᠤ ᠺᠠᠷᠲ ᠢ ᠲᠠᠷᠬᠠᠭᠠᠵᠤ᠂ | ᠢᠦᠢ ᠬᠠᠢ ᠢᠦᠢ᠂ ᠵᠠᠩ ᠷᠦᠢ᠂ ᠯᠢᠦ ᠸᠧᠢ ᠬᠠᠮᠲᠤ ᠪᠠᠷ ︽ᠬᠡᠬᠡᠷᠯᠡᠨ ᠠᠶᠠᠯᠠᠪᠠᠯ ᠬᠥᠪᠴᠢ ᠶᠢᠨ ᠡᠯᠡᠰᠦᠨ ᠴᠥᠯ ᠳᠤ ᠣᠴᠢᠭᠠᠷᠠᠢ︾ ᠲᠡᠷᠭᠡ ᠶᠠᠪᠤᠭᠤᠯᠬᠤ ᠵᠢᠴᠢ ︽ | 5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠬᠤᠷᠠᠯ ᠤᠨ ᠲᠠᠯᠠᠪᠠᠶ ᠶᠢᠨ | ᠠᠵᠢᠯᠯᠠᠭ᠎ᠠ ᠶᠢ ᠡᠬᠢᠯᠡᠭᠦᠯᠪᠡ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠵᠢᠴᠢ ᠬᠦᠨᠳᠦᠲᠦ ᠵᠣᠴᠢᠳ ᠪᠠᠰᠠ ᠲᠣᠭᠤᠷᠢᠨ ᠦᠵᠡᠭᠦᠯᠦᠯᠭᠡ ᠳᠤ ᠣᠷᠣᠯᠴᠠᠪᠠ᠃ | ᠲᠤᠰ ᠤᠳᠠᠭ᠎ᠠ ᠶᠢᠨ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠪᠣᠯᠣᠨ ᠣᠷᠳᠣᠰ ᠬᠤᠳᠠ ᠶᠢᠨ ᠵᠠᠰᠠᠭ ᠤᠨ | ᠣᠷᠳᠣᠨ ᠬᠠᠮᠲᠤᠪᠠᠷ ᠭᠤᠣᠯᠯᠠᠨ ᠡᠷᠬᠢᠯᠡᠵᠤ᠂ ᠡᠨᠡ ᠬᠤᠭᠤᠴᠠᠭᠠᠨ ᠳᠤ ︽ᠠᠶᠠᠯᠭᠤᠲᠤ ᠥᠪᠥᠷ ᠮᠣᠩᠭᠤᠯ᠂ ᠤᠮᠠᠷᠠᠲᠤ ᠬᠢᠯᠢ ᠶᠢᠨ ᠦᠵᠡᠰᠬᠦᠯᠡᠩᠲᠦ ᠥᠩᠭᠡ | ᠦᠵᠡᠮᠵᠢ︾ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ︽ᠰᠣᠶᠣᠯ · ᠥᠪᠥᠷ ᠮᠣᠩᠭᠤᠯ︾ ᠤᠨ ᠰᠣᠶᠣᠯ ᠤᠨ ᠲᠣᠮᠣ ᠴᠢᠭᠤᠯᠭᠠᠨ᠂ ︽ᠪᠠᠶᠠᠰᠤᠯ · ᠥᠪᠥᠷ | ᠮᠣᠩᠭᠤᠯ︾ ᠭᠡᠬᠦ ᠵᠡᠷᠭᠡ ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠰᠢᠷᠢᠰ ᠭᠤᠶᠢᠳᠠ ᠰᠠᠶᠢᠬᠠᠨ ᠠᠵᠢᠯᠯᠠᠭ᠎ᠠ ᠨᠤᠭᠤᠳ ᠢ ᠡᠷᠬᠢᠯᠡᠬᠦ ᠪᠠᠷ ᠪᠤᠢ᠃ | 150 ᠭᠠᠷᠤᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ 19 ᠵᠠᠭᠤᠴᠢᠯᠠᠭᠤᠷ ᠤᠨ ᠬᠢᠨ ᠠᠵᠢᠯᠯᠠᠭ᠎ᠠ ᠳᠤ ᠣᠷᠣᠯᠴᠠᠪᠠ᠃ | | | | | | | | |