4 ᠰᠠᠷ᠎ᠠ ᠶᠢᠨ 30 ᠤ ᠡᠳᠦᠷ ᠪᠣᠯᠲᠠᠯ᠎ᠠ᠂ ᠪᠥᠬᠦ ᠬᠤᠲᠠ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ︽ᠪᠦᠷᠢᠨ ᠴᠢᠳᠠᠮᠵᠢᠲᠤ ᠺᠠᠷᠲ ︾ | ᠤᠨ ᠰᠢᠰᠲ᠋ᠧᠮ ᠢᠶᠠᠷ ᠨᠡᠶᠢᠲᠡ 205638.96 ᠲᠦᠮᠡᠨ ᠲᠥᠭᠦᠷᠢᠭ ᠲᠠᠷᠬᠠᠭᠠᠵᠤ᠂ 744874 ᠬᠥᠮᠥᠨ ᠤᠳᠠᠭ᠎ᠠ ᠳᠤ ᠠᠰᠢᠭ ᠬᠦᠷᠲᠡᠭᠡᠵᠦ᠂ 8 ᠬᠦᠷᠢᠶ᠎ᠡ | ᠴᠠᠷᠠᠭᠠᠨ ᠳᠠᠬᠢ 45 ᠲᠥᠷᠥᠯ ᠤᠨ 52 ᠵᠦᠢᠯ ᠤᠨ ᠨᠥᠬᠦᠪᠦᠷᠢ ᠳᠤ ᠬᠤᠯᠪᠤᠭᠳᠠᠪᠠ᠃ ᠡᠭᠦᠨ ᠳᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢ | 40049.10 ᠲᠦᠮᠡᠨ ᠲᠥᠭᠦᠷᠢᠭ ᠲᠠᠷᠬᠠᠭᠠᠵᠤ᠂ ᠬᠤᠲᠠ ᠶᠢᠨ ᠱᠠᠲᠤ ᠪᠠ ᠬᠤᠰᠢᠭᠤ ᠲᠣᠭᠤᠷᠢᠭ ᠠᠴᠠ ᠥᠪᠡᠷᠲᠡᠭᠡᠨ 165589.86 ᠲᠦᠮᠡᠨ ᠲᠥᠭᠦᠷᠢᠭ ᠤᠨ | ᠨᠥᠬᠦᠪᠦᠷᠢ ᠲᠠᠷᠬᠠᠭᠠᠪᠠ᠃ | ᠨᠥᠬᠦᠪᠦᠷᠢ ᠶᠢᠨ ᠪᠡᠯᠡ ᠮᠥᠩᠭᠦ ᠶᠢᠨ ᠲᠠᠷᠬᠠᠭᠠᠯᠲᠠ ᠳᠤ ᠲᠠᠷᠢᠶᠠᠯᠠᠩ᠂ ᠮᠠᠯ ᠠᠵᠤ ᠠᠬᠤᠢ᠂ ᠣᠶ ᠰᠢᠭᠤᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ | ᠲᠥᠯᠥᠪᠯᠡᠭᠡᠲᠦ ᠦᠷᠡᠵᠢᠯ᠂ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠪᠠᠲᠤᠯᠠᠭ᠎ᠠ᠂ ᠴᠠᠯᠢᠩ ᠤᠨ ᠨᠥᠬᠦᠪᠦᠷᠢ ᠵᠡᠷᠭᠡ 8 ᠬᠦᠷᠢᠶ᠎ᠡ ᠴᠠᠷᠠᠭ᠎ᠠ ᠬᠤᠯᠪᠣᠭᠳᠠᠵᠤ᠂ | ᠡᠭᠦᠨ ᠳᠤ ᠲᠠᠷᠢᠶᠠᠯᠠᠩ ᠤᠨ ᠲᠥᠷᠥᠯ ᠤᠨ ᠨᠥᠬᠦᠪᠦᠷᠢ ᠶᠢ 2845.86 ᠲᠦᠮᠡᠨ ᠲᠥᠭᠦᠷᠢᠭ᠂ ᠮᠠᠯ ᠠᠵᠤ ᠠᠬᠤᠢ ᠶᠢᠨ ᠲᠥᠷᠥᠯ ᠤᠨ ᠨᠥᠬᠦᠪᠦᠷᠢ ᠶᠢ 3270.94 | ᠲᠦᠮᠡᠨ ᠲᠥᠭᠦᠷᠢᠭ᠂ ᠣᠶ ᠰᠢᠭᠤᠢ ᠶᠢᠨ ᠲᠥᠷᠥᠯ ᠤᠨ ᠨᠥᠬᠦᠪᠦᠷᠢ ᠶᠢ 8890.76 ᠲᠦᠮᠡᠨ ᠲᠥᠭᠦᠷᠢᠭ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ | ᠲᠥᠷᠥᠯ ᠤᠨ ᠨᠥᠬᠦᠪᠦᠷᠢ ᠶᠢ 539.83 ᠲᠦᠮᠡᠨ ᠲᠥᠭᠦᠷᠢᠭ᠂ ᠲᠥᠯᠥᠪᠯᠡᠭᠡᠲᠦ ᠦᠷᠡᠵᠢᠯ ᠤᠨ ᠨᠥᠬᠦᠪᠦᠷᠢ ᠶᠢ 3.35 ᠲᠦᠮᠡᠨ ᠲᠥᠭᠦᠷᠢᠭ᠂ ᠪᠦᠲᠦᠭᠡᠨ | ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ ᠶᠢ 162552.79 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠶᠢ | 20472.61 ᠲᠦᠮᠡᠨ ᠲᠥᠭᠦᠷᠢᠭ᠂ ᠴᠠᠯᠢᠩ ᠤᠨ ᠨᠥᠬᠦᠪᠦᠷᠢ ᠶᠢᠨ ᠲᠥᠷᠥᠯ ᠤᠨ ᠨᠥᠬᠦᠪᠦᠷᠢ ᠶᠢ 7062.82 ᠲᠦᠮᠡᠨ ᠲᠥᠭᠦᠷᠢᠭ ᠲᠠᠷᠬᠠᠭᠠᠪᠠ᠃ | ᠭᠠᠵᠠᠷ ᠣᠷᠣᠨ ᠤ ᠲᠠᠷᠬᠠᠭᠠᠯᠲᠠ ᠶᠢᠨ ᠲᠤᠭ᠎ᠠ ᠬᠡᠮᠵᠢᠶ᠎ᠡ ᠶᠢᠨ ᠲᠠᠯ᠎ᠠ ᠪᠠᠷ᠂ ᠡᠵᠡᠨ ᠬᠤᠷᠤᠭ᠎ᠠ ᠬᠤᠰᠢᠭᠤ 166465.08 ᠲᠦᠮᠡᠨ ᠲᠥᠭᠦᠷᠢᠭ ᠲᠠᠷᠬᠠᠭᠠᠵᠤ᠂ | ᠪᠥᠬᠦ ᠬᠤᠲᠠ ᠶᠢᠨ ᠲᠡᠷᠢᠭᠦᠨ ᠳᠤ ᠣᠷᠣᠪᠠ︔ ᠬᠠᠩᠭᠢᠨ ᠬᠤᠰᠢᠭᠤ᠂ ᠵᠡᠭᠦᠨᠭᠠᠷ ᠬᠤᠰᠢᠭᠤ ᠲᠣᠰ ᠲᠣᠰ 11719.97 ᠲᠦᠮᠡᠨ ᠲᠥᠭᠦᠷᠢᠭ᠂ 9832.35 | ᠲᠦᠮᠡᠨ ᠲᠥᠭᠦᠷᠢᠭ ᠲᠠᠷᠬᠠᠭᠠᠵᠤ᠂ ᠪᠥᠬᠦ ᠬᠤᠲᠠ ᠶᠢᠨ ᠬᠤᠶᠠᠳᠤᠭᠠᠷ᠂ ᠭᠤᠷᠪᠠᠳᠤᠭᠠᠷ ᠲᠤ ᠵᠢᠭᠰᠠᠭᠠᠭᠳᠠᠪᠠ︔ ᠲᠠᠯᠠᠳ ᠬᠤᠰᠢᠭᠤ 8018.12 ᠲᠦᠮᠡᠨ | ᠲᠥᠭᠦᠷᠢᠭ᠂ ᠣᠲᠤᠭ ᠬᠤᠰᠢᠭᠤ 3575.68 ᠲᠦᠮᠡᠨ ᠲᠥᠭᠦᠷᠢᠭ᠂ ᠣᠲᠤᠭ ᠤᠨ ᠡᠮᠦᠨᠡᠲᠦ ᠬᠤᠰᠢᠭᠤ 2898.44 ᠲᠦᠮᠡᠨ ᠲᠥᠭᠦᠷᠢᠭ᠂ ᠦᠦᠰᠢᠨ | ᠬᠤᠰᠢᠭᠤ 2311.34 ᠲᠦᠮᠡᠨ ᠲᠥᠭᠦᠷᠢᠭ᠂ ᠳ᠋ᠦᠩᠱᠧᠩ ᠲᠣᠭᠤᠷᠢᠭ 680.96 ᠲᠦᠮᠡᠨ ᠲᠥᠭᠦᠷᠢᠭ᠂ ᠬᠢᠶ᠎ᠠ ᠪᠠᠭᠰᠢ ᠲᠣᠭᠤᠷᠢᠭ 137.02 ᠲᠦᠮᠡᠨ | ᠲᠥᠭᠦᠷᠢᠭ ᠲᠠᠷᠬᠠᠭᠠᠪᠠ᠃ | ᠨᠥᠬᠦᠪᠦᠷᠢ ᠣᠯᠭᠤᠬᠤ ᠡᠲᠡᠭᠡᠳ ᠤᠨ ᠲᠠᠷᠬᠠᠯᠲᠠ ᠶᠢᠨ ᠲᠠᠯ᠎ᠠ ᠪᠠᠷ᠂ ︽ᠪᠦᠷᠢᠨ ᠴᠢᠳᠠᠮᠵᠢᠲᠤ ᠺᠠᠷᠲ︾ ᠤᠨ ᠰᠢᠰᠲ᠋ᠧᠮ ᠢᠶᠠᠷ ᠳᠠᠮᠵᠢᠭᠤᠯᠤᠨ ᠮᠠᠯᠴᠢᠨ | ᠲᠠᠷᠢᠶᠠᠴᠢᠳ ᠲᠤ 203981.14 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠲᠠᠷᠬᠠᠭᠠᠵᠤ᠂ ᠨᠡᠶᠢᠲᠡ 727649 ᠬᠥᠮᠥᠨ ᠤᠳᠠᠭ᠎ᠠ ᠳᠤ ᠲᠠᠷᠬᠠᠭᠠᠵᠤ | ᠂ ᠬᠤᠲᠠ ᠪᠠᠯᠭᠠᠰᠤᠨ ᠤ ᠰᠠᠭᠤᠭᠠᠯᠢ ᠠᠷᠠᠳ ᠲᠤ 1657.82 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠲᠠᠷᠬᠠᠭᠠᠵᠤ᠂ ᠨᠡᠶᠢᠲᠡ 17225 ᠬᠥᠮᠥᠨ | ᠤᠳᠠᠭ᠎ᠠ ᠲᠠᠷᠬᠠᠭᠠᠪᠠ᠃ | |