ᠢᠦᠢ ᠬᠠᠢ ᠢᠦᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
      5 ᠰᠠᠷ᠎ᠠ ᠶᠢᠨ 19᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠢᠦᠢ ᠬᠠᠢ ᠢᠦᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠤᠶ᠎ᠠ︾ ᠭᠡᠬᠦ ᠴᠢᠬᠤᠯᠠ ᠵᠣᠬᠢᠶᠠᠯ ᠪᠠ ᠲᠥᠪ ᠤᠨ ᠬᠤᠯᠪᠣᠭᠳᠠᠯ ᠪᠦᠬᠦᠢ ᠵᠠᠷᠯᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠪᠠᠭ ᠤᠨ ᠪᠦᠷᠢᠯᠳᠦᠭᠦᠨ ᠲᠦᠷᠦᠭᠦᠯᠡᠨ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠦᠨᠳᠦᠰᠦᠨ ᠱᠠᠲᠤ ᠶᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾᠎ ᠶᠢ ᠬᠢᠨᠠᠮᠠᠭᠠᠢ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠪᠣᠯᠣᠨ ᠬᠠᠷᠢᠯᠴᠠᠵᠤ ᠪᠠᠶᠢᠭ᠎ᠠ ᠭᠠᠵᠠᠷ ᠣᠷᠣᠨ ᠤ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠬᠡᠷᠡᠭ ᠠᠴᠠ ᠰᠤᠷᠭᠠᠮᠵᠢ ᠠᠪᠴᠤ᠂ ︽ᠳᠥᠷᠪᠡᠨ ᠰᠤᠷᠲᠠᠯ︾᠎ ᠢ ᠵᠣᠭᠰᠣᠯᠲᠠ ᠦᠭᠡᠢ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢᠨ ᠳᠠᠭᠠᠭᠤᠯᠤᠭᠴᠢ᠂ ᠠᠬᠢᠭᠤᠯᠤᠭᠴᠢ᠂ ᠬᠠᠮᠠᠭᠠᠯᠠᠭᠴᠢ ᠪᠣᠯᠬᠤ ᠬᠡᠷᠡᠭᠲᠡᠢ ᠭᠡᠵᠤ ᠴᠢᠬᠤᠯᠠᠴᠢᠯᠠᠪᠠ᠃       ᠬᠤᠷᠠᠯ ᠠᠴᠠ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠣᠨ ᠲᠤᠷᠰᠢᠯᠭ᠎ᠠ︾᠎ ᠶᠢᠨ ᠲᠣᠭᠤᠷᠢᠨ ᠳᠤ ᠭᠦᠨᠵᠡᠭᠡᠢ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠤᠬᠠᠢ ︽  ᠵᠢᠷᠭᠤᠭ᠎ᠠ ᠶᠢ ᠲᠣᠳᠣᠷᠬᠠᠢ ᠳᠤᠷᠠᠳᠤᠨ ᠭᠠᠷᠭᠠᠭᠰᠠᠨ︾ ᠪᠠᠶᠠᠯᠢᠭ ᠠᠭᠤᠯᠤᠭᠳᠠᠬᠤᠨ ᠪᠠ ᠭᠤᠣᠯ ᠴᠢᠮᠦᠭᠡ ᠴᠢᠬᠤᠯᠠ ᠠᠭᠤᠯᠭ᠎ᠠ ᠶᠢ ᠭᠦᠨᠵᠡᠭᠡᠢ ᠰᠣᠷᠣᠯᠴᠠᠵᠤ᠂ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠢᠯᠡᠳᠲᠡ ᠦᠷ᠎ᠡ ᠪᠦᠲᠦᠮᠵᠢ ᠪᠠ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠲᠠᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠳᠦᠷᠢᠮ ᠤᠨ ᠲᠣᠭᠲᠠᠯᠴᠠᠭ᠎ᠠ ᠶᠢ ᠪᠦᠷᠢᠨᠰᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠰᠠᠶᠢᠨ ᠰᠠᠶᠢᠬᠠᠨ ᠬᠡᠪ ᠰᠤᠷᠲᠠᠯ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ ᠡᠯ᠎ᠡ ᠤᠳᠤᠷᠢᠳᠬᠤ ᠪᠠᠭ ᠤᠨ ᠪᠦᠷᠢᠯᠳᠦᠭᠦᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠶᠢᠨ ᠤᠬᠠᠮᠰᠠᠷ᠂ ᠰᠢᠰᠲ᠋ᠧᠮᠴᠢ ᠦᠵᠡᠯᠲᠡ ᠪᠠᠨ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠪᠣᠯᠣᠨ ᠠᠵᠢᠯ ᠤᠨ ᠶᠣᠰᠣ ᠳᠦᠷᠢᠮ ᠢ ᠴᠢᠩᠭ᠎ᠠ ᠰᠠᠬᠢᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ