5 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠣᠲᠤᠭ ᠤᠨ ᠡᠮᠦᠨᠡᠲᠦ | ᠬᠤᠰᠢᠭᠤ᠂ ᠦᠦᠰᠢᠨ ᠬᠤᠰᠢᠭᠤᠨ ᠳᠤ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ᠃ | ᠤᠳᠤᠭ ᠤᠨ ᠡᠮᠦᠨᠡᠲᠦ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠦᠦᠰᠢᠨ ᠬᠤᠰᠢᠭᠤᠨ ᠤ ᠦᠦᠰᠢᠨ ᠳᠤᠮᠳᠠᠳᠤ ᠰᠤᠷᠭᠠᠭᠤᠯᠢ ᠳᠤ᠂ ᠢᠦᠢ | ᠬᠠᠢ ᠢᠦᠢ ᠠᠩᠭᠢ ᠶᠢᠨ ᠭᠡᠷ᠂ ᠬᠤᠭᠤᠯᠠᠨ ᠲᠢᠩᠬᠢᠮ ᠳᠤ ᠣᠷᠣᠵᠤ᠂ ᠰᠤᠷᠭᠠᠭᠤᠯᠢ ᠶᠢᠨ ᠤᠳᠤᠷᠢᠳᠤᠯᠭ᠎ᠠ᠂ ᠪᠠᠭᠰᠢ ᠪᠣᠯᠣᠨ ᠰᠤᠷᠤᠭᠴᠢᠳ ᠲᠠᠢ ᠶᠠᠷᠢᠯᠴᠠᠵᠤ᠂ | ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠭᠠᠭᠤᠯᠢ ᠶᠢᠨ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠥᠷᠭᠡᠨ ᠤᠯᠠᠨ ᠪᠠᠭᠰᠢ ᠠᠵᠢᠯᠲᠠᠨ ᠤ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠰᠢᠯᠭᠠᠯᠲᠠ ᠳᠤ ᠪᠡᠯᠡᠳᠭᠡᠯ ᠬᠢᠵᠦ ᠪᠠᠶᠢᠭ᠎ᠠ ᠪᠠᠭᠰᠢ ᠰᠤᠷᠤᠭᠴᠢᠳ ᠤᠨ ᠡᠷᠴᠢ | ᠵᠣᠷᠢᠭ ᠢ ᠬᠥᠪᠴᠢᠯᠡᠪᠡ᠃ | ᠢᠦᠢ ᠬᠠᠢ ᠢᠦᠢ᠂ ᠰᠤᠷᠭᠠᠨ ᠬᠥᠮᠦᠵᠢᠯ ᠪᠣᠯ ᠴᠢᠬᠤᠯᠠ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ | ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠬᠠᠨᠤᠮᠵᠢᠲᠠᠢ ᠰᠤᠷᠭᠠᠨ ᠬᠥᠮᠦᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠡᠷᠬᠢᠯᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ | ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ᠂ ᠶᠣᠰᠣ ᠰᠤᠷᠳᠠᠬᠤᠨ ᠢᠶᠠᠷ ᠬᠥᠮᠥᠨ ᠢ ᠬᠥᠮᠥᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠵᠤ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠥᠮᠦᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠨᠡᠷᠡᠳᠦ ᠪᠠᠭᠰᠢ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠪᠰᠤᠷᠤᠨ ᠲᠡᠳᠬᠦᠬᠦ᠂ ᠬᠤᠯᠪᠤᠭᠠᠯᠠᠨ ᠵᠢᠭᠠᠬᠤ ᠶᠢ ᠰᠤᠳᠤᠯᠬᠤ᠂ ᠲᠤᠷᠰᠢᠯᠭ᠎ᠠ ᠪᠠᠨ ᠬᠤᠪᠢᠶᠠᠯᠴᠠᠬᠤ ᠵᠡᠷᠭᠡ | ᠲᠣᠭᠲᠠᠴᠠ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ ᠳᠣᠲᠣᠭᠠᠳᠤ ᠳᠠᠭᠠᠨ ᠬᠥᠮᠥᠵᠢᠭᠦᠯᠵᠦ ᠭᠠᠳᠠᠨ᠎ᠠ ᠠᠴᠠ ᠣᠷᠣᠭᠤᠯᠬᠤ ᠶᠢ ᠴᠢᠩᠭᠠᠳᠬᠠᠵᠤ᠂ ᠥᠨᠳᠥᠷ ᠬᠢᠷᠢ | ᠲᠦᠪᠰᠢᠨ ᠲᠠᠢ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠨᠠᠭᠰᠢᠳᠠ | ᠴᠢᠩᠭᠠᠳᠬᠠᠵᠤ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠡᠳ᠋ᠰᠢᠭᠦᠯᠦᠨ ᠦᠢᠯᠡᠳᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠣᠭᠤᠮᠲᠠ ᠶᠢ | ᠴᠢᠩᠭ᠎ᠠ ᠠᠳᠬᠤᠵᠤ᠂ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ | ᠲᠠᠶᠢᠯᠤᠮᠵᠢ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠰᠡᠳᠬᠢᠴᠡ ᠶᠢᠨ ᠵᠢᠯᠣᠭᠤᠳᠤᠯᠭ᠎ᠠ ᠵᠡᠷᠭᠡ ᠡᠯ᠎ᠡ ᠵᠦᠢᠯ ᠤᠨ ᠳᠡᠭᠡᠳᠦ ᠳᠤᠮᠳᠠᠲᠤ ᠪᠠ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠰᠢᠯᠭᠠᠭᠤᠯᠤᠭᠰᠠᠳ ᠲᠤ ᠨᠠᠩ ᠣᠯᠠᠨ | ᠲᠥᠬᠦᠮ ᠦᠵᠡᠭᠦᠯᠬᠦ ᠠᠷᠭ᠎ᠠ ᠬᠡᠮᠵᠢᠶ᠎ᠡ ᠪᠠ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠬᠤ ᠬᠡᠷᠡᠭᠲᠡᠢ ᠭᠡᠪᠡ᠃ | ᠬᠤᠲᠠ ᠶᠢᠨ ᠳᠡᠳ᠋ ᠳᠠᠷᠤᠭ᠎ᠠ ᠵᠢᠷᠤᠮᠲᠤ ᠣᠷᠣᠯᠴᠠᠪᠠ᠃ |