5 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠪᠥᠬᠦ ᠬᠤᠲᠠ ᠶᠢᠨ 1— | 4 ᠰᠠᠷ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠢ ᠶᠢᠨ ᠡᠷᠭᠢᠯᠲᠡ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ | ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | ᠢᠦᠢ ᠬᠠᠢ ᠢᠦᠢ᠂ ᠡᠨᠡ ᠵᠢᠯ ᠠᠴᠠ ᠨᠠᠰᠢ᠂ ᠪᠥᠬᠦ ᠬᠤᠲᠠ ᠶᠢᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠠᠲᠠᠯ᠎ᠠ ᠣᠷᠣᠰᠢᠵᠤ ᠪᠠᠶᠢᠭ᠎ᠠ | ᠠᠰᠠᠭᠤᠳᠠᠯ ᠢ ᠰᠡᠷᠭᠡᠭ ᠢᠶᠠᠷ ᠲᠠᠨᠢᠵᠤ᠂ ᠪᠠᠶᠢᠳᠠᠯ ᠡᠭᠦᠷᠭᠡ ᠶᠢ ᠣᠨᠣᠪᠴᠢᠲᠠᠶ ᠰᠤᠳᠤᠯᠤᠨ ᠮᠠᠭᠠᠳᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠨᠠᠷᠢᠯᠢᠭ ᠣᠨᠣᠴᠠᠲᠠᠢ ᠪᠠᠷ ᠲᠣᠬᠢᠷᠠᠭᠤᠯᠬᠤ ᠶᠢ ᠴᠢᠩᠭᠠᠳᠬᠠᠵᠤ᠂ ᠪᠥᠬᠦ | ᠬᠦᠴᠦᠨ ᠢᠶᠠᠷ ᠢᠶᠠᠨ ᠪᠣᠭᠤᠮᠲᠠ ᠶᠢ ᠰᠢᠪᠲᠤᠯᠤᠨ ᠬᠦᠴᠢᠷ ᠢ ᠳᠠᠪᠠᠵᠤ᠂ ᠳᠡᠭᠡᠷ᠎ᠡ ᠬᠠᠭᠠᠰ ᠵᠢᠯ ᠳᠤ ︽ᠬᠤᠶᠠᠷ ᠢ ᠬᠠᠭᠠᠰᠯᠠᠭᠤᠯᠬᠤ︾ ᠶᠢ ᠦᠨᠡᠨ ᠬᠦ ᠪᠠᠲᠤᠯᠠᠵᠤ᠂ | ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠪᠡ᠃ | ᠢᠦᠢ ᠬᠠᠢ ᠢᠦᠢ᠂ ᠭᠤᠣᠯ ᠵᠠᠩᠭᠢᠯᠠᠭ᠎ᠠ ᠶᠢ ᠴᠢᠩᠭ᠎ᠠ ᠠᠩᠬᠠᠷᠴᠤ᠂ ᠬᠠᠷᠠᠯᠲᠠ ᠡᠭᠦᠷᠭᠡ ᠲᠠᠢ ᠬᠠᠷᠢᠴᠠᠭᠤᠯᠤᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ᠂ ᠬᠡᠷᠡᠭᠯᠡᠭᠡ ᠶᠢ ᠬᠥᠭᠵᠢᠭᠡᠬᠦ᠂ ᠭᠠᠳᠠᠭᠠᠳᠤ ᠠᠷᠠᠯᠵᠢᠶ᠎ᠠ ᠶᠢᠨ | ᠡᠷᠭᠢᠯᠲᠡ᠂ ᠪᠥᠷᠢᠳᠭᠡᠬᠦ ᠶᠣᠰᠣᠲᠠᠢ ᠶᠢ ᠴᠥᠮ ᠪᠥᠷᠢᠳᠭᠡᠵᠦ᠂ ᠬᠡᠪᠴᠢᠶᠡᠵᠢᠯ ᠢ ᠳᠡᠪᠰᠢᠭᠦᠯᠵᠦ ᠪᠥᠷᠢᠳᠭᠡᠬᠦ ᠵᠡᠷᠭᠡ ᠠᠵᠢᠯ ᠢ ᠰᠠᠶᠢᠲᠤᠷ ᠬᠢᠵᠦ᠂ ᠠᠵᠤ ᠠᠬᠤᠢ ᠶᠢᠨ | ᠡᠷᠭᠢᠯᠲᠡ ᠶᠢ ᠪᠦᠬᠦ ᠬᠦᠴᠦᠨ ᠢᠶᠠᠷ ᠢᠶᠠᠨ ᠲᠣᠭᠲᠠᠭᠤᠨ ᠪᠠᠶᠢᠯᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠠᠷ ᠭᠦᠢᠴᠡᠳᠬᠡᠯ | ᠭᠦᠢᠴᠡᠳᠬᠡᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠪᠡᠯᠡ ᠣᠷᠣᠭᠤᠯᠤᠯᠲᠠ ᠶᠢᠨ ᠬᠤᠷᠳᠤᠴᠠ ᠶᠢ ᠲᠥᠷᠭᠡᠬᠡᠨ ᠳᠡᠭᠡᠭᠰᠢᠯᠡᠭᠦᠯᠵᠦ᠂ | ᠪᠡᠯᠡ ᠣᠷᠣᠭᠤᠯᠤᠯᠲᠠ ᠶᠢᠨ ᠪᠦᠲᠦᠴᠡ ᠶᠢ ᠲᠣᠭᠲᠠᠭᠤᠨ ᠢᠶᠠᠷ ᠲᠣᠬᠢᠷᠠᠭᠤᠯᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠦᠨᠡᠨᠬᠦ ᠦᠷᠭᠦᠯᠵᠢᠯᠡᠭᠦᠯᠬᠦ ᠬᠡᠷᠡᠭᠲᠡᠢ᠃ | ᠲᠦᠷᠦ ᠶᠢᠨ ᠪᠣᠳᠣᠯᠭ᠎ᠠ ᠶᠢ ᠣᠨᠤᠴᠠᠲᠠᠢ ᠪᠠᠷ ᠲᠦᠷᠦᠯ ᠬᠤᠪᠢᠶᠠᠨ ᠬᠡᠷᠡᠭᠵᠢᠭᠦᠯᠵᠦ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠬᠦᠴᠢᠷᠳᠡᠯᠲᠡᠢ ᠬᠥᠮᠥᠰ ᠢ ᠢᠳᠡᠪᠬᠢᠲᠡᠢ ᠬᠠᠪᠰᠤᠷᠤᠨ ᠲᠡᠳᠬᠦᠵᠦ᠂ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ︽ᠬᠤᠶᠠᠷ ᠣᠷᠣᠯᠭ᠎ᠠ︾ ᠶᠢ ᠬᠦᠴᠦᠯᠡᠨ ᠳᠡᠭᠡᠭᠰᠢᠯᠡᠭᠦᠯᠵᠦ᠂ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠠᠶᠤᠯ | ᠲᠦᠭᠰᠢᠭᠦᠷᠢ ᠶᠢ ᠣᠨᠤᠴᠠᠲᠠᠢ ᠰᠤᠳᠤᠯᠤᠨ ᠮᠠᠭᠠᠳᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠬᠢᠨᠠᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠦᠯᠡᠳᠡᠭᠡᠯ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠴᠠᠯᠢᠩ ᠥᠷᠢᠲᠦᠬᠦ ᠶᠢ ᠴᠡᠭᠴᠡᠯᠡᠨ ᠵᠠᠰᠠᠬᠤ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠠᠩᠰᠠᠨ ᠤ | ᠵᠣᠭᠤᠰ ᠢ ᠥᠷᠢᠲᠦᠬᠦ ᠶᠢ ᠴᠡᠭᠴᠡᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠪᠡ᠃ | ᠬᠤᠳᠠ ᠶᠢᠨ ᠤᠳᠤᠷᠢᠳᠤᠯᠭ᠎ᠠ ᠯᠢᠦ ᠹᠧᠩ ᠶᠦᠨ᠂ ᠵᠤᠤ ᠴᠦᠨ ᠢᠦᠢ᠂ ᠼᠤᠤ ᠺᠠᠢ ᠬᠤᠩ᠂ ᠵᠢᠷᠤᠮᠲᠤ ᠣᠷᠣᠯᠴᠠᠭᠰᠠᠨ ᠪᠥᠭᠡᠳ ᠠᠵᠢᠯ ᠤᠨ | ᠪᠠᠶᠢᠷᠢᠯᠠᠭᠤᠯᠤᠯᠲᠠ ᠬᠢᠪᠡ᠃ | |