ᠲᠠᠪᠤ ᠲᠠᠪᠤᠨ ᠵᠢᠯ ᠤᠨ ᠦᠷᠭᠦᠯᠵᠢᠯᠡᠯ | ︽ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠢᠶᠠᠨ ᠠᠵᠢᠯ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ︾ | 20 ᠤ ᠡᠳᠦᠷ ᠤᠨ ᠦᠳᠡ ᠶᠢᠨ ᠡᠮᠦᠨᠡᠬᠢ ᠾᠧᠨᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠲᠠᠪᠤᠨ ᠵᠢᠯ ᠤᠨ ᠲᠥᠯᠦᠪᠵᠢᠭᠦᠯᠭᠡ ᠶᠢᠨ ᠲᠤᠬᠠᠢ ᠶᠠᠷᠢᠬᠤ ᠳᠤ ᠪᠠᠨ᠄ ︽ᠡᠨᠡ ᠨᠢ | ᠦᠨᠡᠨ ᠳᠤ ᠪᠠᠨ ᠳᠤᠮᠳᠠᠳᠤ ᠤᠯᠤᠰ ᠤᠨ ᠨᠢᠭᠡᠨ ᠣᠨᠴᠠᠯᠢᠭ ᠶᠤᠮ᠃ ᠪᠢᠳᠡ ᠪᠠᠶᠢᠴᠠᠭᠠᠨ ᠰᠤᠳᠤᠯᠤᠭᠰᠠᠨ ᠤ ᠰᠠᠭᠤᠷᠢᠨ ᠳᠡᠭᠡᠷ᠎ᠡ ᠠᠷᠠᠳ ᠤᠨ ᠰᠠᠨᠠᠭ᠎ᠠ ᠶᠢ ᠭᠦᠢᠴᠡᠳ | ᠬᠦᠨᠳᠦᠳᠬᠡᠭᠰᠡᠨ ᠪᠥᠭᠡᠳ ᠪᠣᠳᠠᠲᠤ ᠪᠠᠶᠢᠳᠠᠯ ᠳᠤ ᠨᠡᠶᠢᠴᠡᠭᠰᠡᠨ ᠪᠦᠬᠦ ᠲᠠᠯ᠎ᠠ ᠶᠢᠨ ᠰᠢᠰᠲ᠋ᠧᠮ ᠲᠠᠢ ᠲᠥᠯᠦᠪᠵᠢᠭᠦᠯᠭᠡ ᠶᠢ ᠳᠤᠷᠠᠳᠤᠭᠰᠠᠨ ᠢᠶᠠᠷ ᠦᠯᠦ ᠪᠠᠷᠠᠮ ᠮᠠᠰᠢ | ᠬᠦᠴᠦᠲᠡᠢ ᠬᠡᠷᠡᠭᠵᠢᠭᠦᠯᠬᠦ ᠬᠦᠴᠦᠨ ᠢᠶᠠᠷ ᠡᠳᠡᠭᠡᠷ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ ᠪᠠᠶᠢᠨ᠎ᠠ︾ ᠭᠡᠵᠡᠢ᠃ | ︽ᠨᠠᠮ ᠤᠨ ᠲᠥᠪ ᠬᠤᠷᠢᠶᠠᠨ ᠤ ᠶᠡᠷᠦᠩᠬᠡᠢ ᠵᠢᠯᠣᠭᠤᠳᠤᠯᠭ᠎ᠠ ᠶᠢᠨ ᠶᠡᠭᠡ ᠪᠠᠶᠢᠳᠠᠯ ᠳᠣᠣᠷ᠎ᠠ᠂ ᠡᠯ᠎ᠡ ᠭᠠᠵᠠᠷ ᠣᠷᠣᠨ ᠤ ᠬᠢᠨ ᠪᠤᠰᠤᠳ ᠢ ᠳᠠᠭᠠᠬᠤ ᠪᠠ | ᠳᠥᠭᠦᠮᠬᠡᠨ ᠢᠶᠠᠷ ᠳᠠᠭᠤᠷᠢᠶᠠᠵᠤ ᠪᠣᠯᠬᠤ ᠦᠭᠡᠢ᠂ ᠥᠪᠡᠷ ᠤᠨ ᠢᠶᠠᠨ ᠳᠠᠪᠠᠭᠤᠯᠢᠭ ᠨᠢ ᠬᠠᠮᠢᠭ᠎ᠠ ᠪᠠᠶᠢᠬᠤ᠂ ᠬᠡᠷᠬᠢᠨ ᠳᠠᠪᠠᠭᠤᠯᠢᠭ ᠢ ᠨᠢ ᠠᠪᠴᠤ ᠳᠤᠲᠠᠭᠳᠠᠯ ᠢᠶᠠᠨ | ᠨᠥᠬᠦᠬᠦ᠂ ᠬᠡᠷᠬᠢᠨ ᠰᠠᠶᠢᠨ ᠢᠶᠠᠨ ᠪᠠᠳᠠᠷᠠᠭᠤᠯᠤᠨ ᠰᠢᠭᠠᠷᠤ ᠪᠠᠨ ᠲᠡᠪᠴᠢᠬᠦ ᠶᠢ ᠪᠣᠳᠣᠬᠤ ᠬᠡᠷᠡᠭᠲᠡᠢ᠃︾ ᠶᠡᠷᠦᠩᠬᠡᠢ ᠱᠦᠵᠢ ᠰᠢ ᠶᠢᠨ ᠫᠢᠩ ᠠᠷᠭ᠎ᠠ ᠶᠢᠨ ᠤᠨᠤᠯ ᠤᠨ | ᠲᠤᠬᠠᠢ ᠢᠩᠭᠢᠵᠦ ᠶᠠᠷᠢᠪᠠ᠃ | ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷᠡᠬᠢ ᠵᠠᠩᠭᠢᠯᠠᠭ᠎ᠠ ᠪᠣᠯᠬᠤ ᠬᠤᠶᠠᠷ ᠪᠠᠳᠠᠭ ᠦᠭᠡᠰ ᠨᠢ ᠪᠦᠬᠦ ᠲᠠᠯ᠎ᠠ ᠶᠢᠨ ᠪᠠ ᠣᠷᠣᠨ ᠪᠦᠰᠡ ᠶᠢᠨ ᠲᠠᠯ᠎ᠠ ᠪᠠᠷ ᠬᠢ | ᠬᠤᠪᠢᠰᠤᠩᠭᠤᠢ ᠡᠵᠡᠮᠳᠡᠯ ᠢ ᠠᠮᠢᠳᠤᠯᠢᠭ ᠢᠶᠠᠷ ᠬᠠᠷᠠᠭᠤᠯᠵᠠᠢ᠃ | ᠵᠠᠩᠭᠢᠯᠠᠭ᠎ᠠ ᠪᠣᠯᠬᠤ ᠨᠢᠭᠡᠳᠦᠭᠡᠷ ᠪᠠᠳᠠᠭ ᠦᠭᠡᠰ ᠨᠢ ᠴᠢᠨᠠᠷ ᠰᠠᠶᠢᠲᠠᠢ ᠬᠥᠭᠵᠢᠯᠲᠡ ᠪᠣᠯᠣᠨ᠎ᠠ᠃ ᠣᠳᠣᠬᠠᠨ ᠤ ᠰᠠᠭᠠᠳ ᠲᠣᠳᠬᠠᠷ ᠢ ᠠᠷᠢᠯᠭᠠᠬᠤ ᠶᠢ | ᠴᠢᠬᠤᠯᠠᠴᠢᠯᠠᠬᠤ ᠪᠠᠷ ᠪᠠᠷᠠᠬᠤ ᠦᠭᠡᠢ ᠪᠠᠰᠠ ᠠᠯᠤᠰ ᠬᠡᠳᠤ ᠶᠢᠨ ᠤᠶᠠᠨ ᠬᠠᠳᠠᠨ ᠴᠢᠨᠠᠷ ᠢᠶᠠᠨ ᠪᠠᠲᠤᠳᠬᠠᠬᠤ ᠶᠢ ᠠᠩᠬᠠᠷᠬᠤ ᠬᠡᠷᠡᠭᠲᠡᠢ᠃ | ︽ᠡᠨᠡ ᠵᠢᠯ ᠤᠨ ᠪᠤᠭᠤᠳᠠᠢ ᠶᠢᠨ ᠲᠠᠷᠢᠮᠠᠯ ᠤᠨ ᠲᠠᠯᠠᠪᠠᠶ ᠨᠢ ᠨᠡᠮᠡᠭᠳᠡᠭᠰᠡᠨ ᠦᠦ᠂ ᠲᠣᠭᠲᠠᠭᠤᠨ ᠦᠦ᠂ ᠪᠠᠭᠤᠷᠠᠭᠰᠠᠨ ᠦᠦ︖ ᠡᠨᠡ ᠤᠳᠠᠭ᠎ᠠ ᠶᠢᠨ ᠭᠠᠩ ᠤᠨ | ᠪᠠᠶᠢᠳᠠᠯ ᠲᠠ ᠨᠠᠷ ᠤᠨ ᠬᠤᠷᠢᠶᠠᠯᠲᠠ ᠶᠢ ᠨᠥᠯᠥᠭᠡᠯᠡᠭᠰᠡᠨ ᠦᠦ ᠦᠭᠡᠢ ᠦᠦ︖︾ ᠡᠨᠡ ᠨᠢ ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢᠨ ᠲᠣᠭᠲᠠᠭᠤᠨ ᠤ ᠲᠤᠬᠠᠢ | ᠪᠣᠳᠣᠯᠬᠢᠯᠠᠯ ᠪᠣᠯᠣᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠭᠰᠡᠨ ᠪᠠᠶᠢᠳᠠᠯ ᠤᠨ ᠲᠤᠬᠠᠢ | ᠮᠤᠵᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠮᠠᠭᠴᠠ᠄ ︽ᠾᠧᠨᠠᠨ ᠤ ᠲᠤᠬᠠᠢ ᠶᠢᠨ ᠦᠶ᠎ᠡ ᠳᠠᠬᠢ ᠶᠠᠳᠠᠭᠤ ᠬᠦᠴᠢᠷᠳᠡᠯᠲᠡᠢ ᠬᠥᠮᠥᠨ ᠠᠮᠠ ᠬᠡᠳᠦᠢ ᠪᠠᠶᠢᠭᠰᠠᠨ ᠪᠤᠢ︖ | ︾ ᠭᠡᠵᠦ ᠠᠰᠠᠭᠤᠪᠠ᠃ ᠡᠨᠡ ᠨᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠤᠬᠠᠢ ᠨᠠᠷᠢᠨ ᠵᠦᠢᠯᠡᠰ ᠢ ᠠᠩᠬᠠᠷᠴᠤ ᠪᠠᠶᠢᠭ᠎ᠠ ᠶᠠᠪᠤᠳᠠᠯ | ᠪᠣᠯᠣᠨ᠎ᠠ᠃ | ︽ᠠᠮᠢ ᠠᠬᠤᠢ ᠶᠢ ᠬᠠᠮᠠᠭᠠᠯᠠᠬᠤ ᠨᠢ ᠴᠡᠴᠡᠭ ᠤᠨ ᠬᠦᠷᠢᠶᠡᠯᠡᠩ᠂ ᠴᠡᠴᠡᠷᠯᠢᠭ ᠪᠠᠶᠢᠭᠤᠯᠬᠤ ᠶᠢ ᠯᠠ ᠬᠡᠯᠡᠵᠦ ᠪᠠᠶᠢᠬᠤ ᠪᠢᠰᠢ᠃︾ ᠡᠨᠡ ᠨᠢ ᠦᠨᠡᠨ ᠠᠴᠠ ᠵᠥᠪ ᠢ | ᠡᠷᠢᠬᠦ ᠶᠢ ᠰᠤᠷᠲᠠᠯᠴᠢᠯᠠᠭᠰᠠᠨ ᠪᠠᠶᠢᠨ᠎ᠠ᠃ | ︽ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠢᠶᠠᠨ ᠠᠵᠢᠯ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ᠃︾ ᠭᠡᠵᠦ ᠶᠡᠷᠦᠩᠬᠡᠢ ᠱᠦᠵᠢ | ᠭᠦᠨ ᠰᠡᠳᠬᠢᠯᠭᠡ ᠲᠠᠢ ᠪᠠᠷ ᠬᠡᠯᠡᠪᠡ᠃ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠬᠤ | ᠪᠣᠯ ᠣᠳᠣᠬᠠᠨ ᠳᠠᠬᠢ ᠰᠠᠭᠠᠳ ᠣᠯᠠᠨᠲᠠᠢ ᠪᠠᠶᠢᠳᠠᠯ ᠢ ᠪᠦᠲᠦᠮᠵᠢᠲᠡᠢ ᠠᠷᠭᠠᠴᠠᠭᠠᠬᠤ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠂ ᠦᠨᠡᠨ ᠢ ᠬᠡᠯᠡᠪᠡᠯ ᠣᠷᠣᠨ | ᠪᠦᠰᠡ ᠨᠢᠭᠡ ᠪᠦᠷᠢ ᠨᠢ ᠬᠥᠭᠵᠢᠯᠲᠡ ᠶᠢᠨ ᠰᠡᠳᠦᠪ ᠪᠣᠯᠭᠠᠨ ᠢ ᠬᠠᠷᠢᠭᠤᠯᠬᠤ ᠳᠤ ᠪᠠᠨ ᠴᠥᠮ ᠨᠡᠩ ᠪᠣᠳᠠᠲᠠᠢ᠂ ᠨᠡᠩ ᠬᠢᠨᠠᠮᠠᠭᠠᠢ ᠪᠠᠶᠢᠬᠤ ᠬᠡᠷᠡᠭᠲᠡᠢ᠃ | ᠵᠠᠩᠭᠢᠯᠠᠭ᠎ᠠ ᠪᠣᠯᠬᠤ ᠬᠤᠶᠠᠳᠤᠭᠠᠷ ᠦᠭᠡᠰ ᠨᠢ ᠰᠠᠶᠢᠨ ᠦᠷ᠎ᠡ ᠪᠦᠲᠦᠮᠵᠢ ᠲᠠᠢ ᠵᠠᠰᠠᠯᠲᠠ ᠪᠣᠯᠣᠨ᠎ᠠ᠃ | ︽ᠾᠧᠨᠠᠨ ᠤ ᠬᠥᠮᠥᠨ ᠠᠮᠠ ᠶᠢᠨ ᠶᠡᠷᠦᠩᠬᠡᠢ ᠲᠤᠭ᠎ᠠ᠂ ᠬᠥᠮᠥᠨ ᠠᠮᠠ ᠶᠢᠨ ᠨᠢᠭᠲᠠᠴᠠ᠂ ᠬᠥᠮᠥᠨ ᠠᠮᠠ ᠶᠢᠨ ᠰᠢᠯᠵᠢᠯᠲᠡ ᠶᠢᠨ ᠬᠡᠮᠵᠢᠶ᠎ᠡ ᠴᠥᠮ ᠨᠡᠯᠢᠶᠡᠳ ᠶᠡᠭᠡ᠂ | ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ ᠪᠥᠭᠡᠳ ᠣᠯᠠᠨ ᠶᠠᠩᠵᠤ ᠶᠢᠨ ᠪᠠᠶᠢᠳᠠᠭ ᠪᠣᠯᠬᠤᠷ ᠨᠡᠶᠢᠭᠡᠮ ᠤᠨ ᠵᠠᠰᠠᠯᠲᠠ ᠶᠢ ᠡᠷᠬᠡᠪᠰᠢ ᠯᠠᠪᠳᠠᠭᠤᠨ ᠪᠠᠲᠤᠲᠠᠢ ᠪᠠᠷ | ᠴᠢᠩᠭᠠᠳᠬᠠᠬᠤ ᠬᠡᠷᠡᠭᠲᠡᠢ᠃︾ | ᠳᠦᠷᠢᠮ ᠤᠨ ᠳᠠᠪᠠᠭᠤᠯᠢᠭ ᠢ ᠬᠡᠷᠬᠢᠨ ᠵᠠᠰᠠᠯᠲᠠ ᠶᠢᠨ ᠪᠦᠲᠦᠮᠵᠢ ᠪᠣᠯᠭᠠᠨ ᠬᠤᠪᠢᠷᠠᠭᠤᠯᠬᠤ ᠪᠤᠢ︖ ᠦᠨᠳᠦᠰᠦ ᠶᠢ ᠪᠠᠬᠢᠵᠢᠭᠦᠯᠦᠨ ᠰᠠᠭᠤᠷᠢ ᠶᠢ | ᠪᠠᠲᠤᠳᠬᠠᠬᠤ ᠳᠤ ᠠᠩᠬᠠᠷᠤᠯ ᠲᠥᠪᠯᠡᠷᠡᠭᠦᠯᠬᠦ ᠪᠠᠷ᠂ ᠶᠡᠷᠦᠩᠬᠡᠢ ᠱᠦᠵᠢ ᠴᠢᠬᠤᠯᠠᠴᠢᠯᠠᠬᠤ ᠳᠤ ᠪᠠᠨ᠄ ︽ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠢ ᠶᠢᠨ ᠰᠢᠨ᠎ᠡ ᠵᠣᠬᠢᠶᠠᠨ ᠪᠠᠶᠢᠭᠤᠯᠤᠯᠲᠠ᠂ | ᠨᠡᠶᠢᠭᠡᠮ ᠤᠨ ᠰᠢᠨ᠎ᠡ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠳ ᠲᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ︾ ᠭᠡᠵᠦ | ᠴᠢᠬᠤᠯᠠᠴᠢᠯᠠᠪᠠ᠃ | ᠰᠢᠨ᠎ᠡ ᠴᠠᠭ ᠦᠶ᠎ᠡ ᠳᠠᠬᠢ ︽ᠹᠧᠩᠴᠢᠶᠣᠣ ᠶᠢᠨ ᠲᠤᠷᠰᠢᠯᠭ᠎ᠠ︾ ᠶᠢᠨ ᠠᠮᠢᠵᠢᠷᠠᠯ ᠤᠨ ᠬᠦᠴᠦᠨ ᠢ ᠨᠢ ᠬᠡᠷᠬᠢᠨ ᠪᠠᠳᠠᠷᠠᠭᠤᠯᠬᠤ ᠪᠤᠢ︖ ︽ᠳᠣᠲᠣᠷ᠎ᠠ ᠪᠠᠨ | ᠲᠤᠭ᠎ᠠ ᠲᠠᠢ ᠪᠠᠶᠢᠵᠤ᠂ ᠤᠷᠢᠳ ᠠᠴᠠ ᠪᠡᠯᠡᠳᠬᠡᠯ ᠰᠠᠶᠢᠨ ᠬᠢᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠡᠷᠡᠭᠲᠡᠢ᠂ ᠬᠠᠷᠢᠨ ᠬᠡᠷᠡᠭ ᠭᠠᠷᠤᠭᠰᠠᠨ ᠤ ᠳᠠᠷᠠᠭ᠎ᠠ ᠰᠠᠶ᠋ᠢ | ᠠᠵᠢᠯ ᠢᠶᠠᠨ ᠴᠢᠩᠭᠠᠳᠬᠠᠬᠤ ᠭᠡᠳ ᠪᠣᠯᠬᠤ ᠦᠭᠡᠢ᠂ ᠭᠠᠯ ᠤᠨᠲᠠᠷᠠᠭᠠᠬᠤ ᠠᠩᠭᠢ ᠶᠢᠨ ᠳᠠᠷᠤᠭ᠎ᠠ ᠪᠣᠯᠣᠭᠠᠳ ᠪᠠᠶᠢᠵᠤ ᠪᠣᠯᠬᠤ ᠦᠭᠡᠢ︾᠂ ︽ᠬᠡᠯᠪᠡᠷᠢᠴᠢ ᠦᠵᠡᠯ ᠢ | ᠦᠨᠡᠨ ᠬᠦ ᠴᠡᠭᠴᠡᠯᠡᠨ ᠵᠠᠰᠠᠭᠠᠳ ᠦᠨᠳᠦᠰᠦᠨ ᠱᠠᠲᠤᠨ ᠤ ᠳᠠᠷᠤᠭᠠᠰᠤ ᠶᠢ ᠨᠢ ᠬᠥᠩᠭᠡᠷᠡᠭᠦᠯᠬᠦ ᠬᠡᠷᠡᠭᠲᠡᠢ᠂ ᠰᠠᠶᠢᠨ ᠠᠵᠢᠯ ᠶᠠᠪᠤᠳᠠᠯ᠂ ᠦᠵᠡᠮᠦᠷᠢ ᠶᠢᠨ ᠠᠵᠢᠯ | ᠶᠠᠪᠤᠳᠠᠯ ᠤᠳ ᠢ ᠬᠢᠭᠡᠳ ᠪᠠᠶᠢᠵᠤ ᠪᠣᠯᠬᠤ ᠦᠭᠡᠢ᠂ ᠪᠡᠷᠬᠡ ᠠᠵᠢᠯ ᠶᠠᠪᠤᠳᠠᠯ᠂ ᠬᠥᠮᠥᠨ ᠢ ᠭᠤᠮᠣᠳᠠᠭᠠᠬᠤ ᠠᠵᠢᠯ ᠶᠠᠪᠤᠳᠠᠯ ᠤᠳ ᠢᠶᠠᠨ ᠦᠨᠳᠦᠰᠦᠨ ᠱᠠᠲᠤᠨ ᠳᠤ | ᠲᠦᠯᠬᠢᠵᠦ ᠪᠣᠯᠬᠤ ᠦᠭᠡᠢ᠃︾ ᠶᠡᠷᠦᠩᠬᠡᠢ ᠱᠦᠵᠢ ᠶᠢᠨ ᠶᠠᠷᠢᠶ᠎ᠠ ᠨᠢ ᠪᠣᠷᠣᠭᠵᠢᠭᠤᠨ ᠮᠥᠷᠲᠡᠭᠡᠨ ᠭᠦᠨ ᠤᠳᠬ᠎ᠠ ᠰᠠᠨᠠᠭ᠎ᠠ ᠲᠠᠢ᠂ ︽ᠨᠢᠭᠡ ᠳᠤ ᠵᠥᠷᠢᠴᠡᠯ ᠢ | ᠬᠤᠷᠠᠮᠳᠤᠭᠤᠯᠵᠤ ᠪᠣᠯᠬᠤ ᠦᠭᠡᠢ᠂ ᠬᠤᠶᠠᠷ ᠲᠤ ᠲᠡᠳᠡᠭᠡᠷ ᠢ ᠲᠥᠷᠥᠯ ᠠᠩᠭᠢᠯᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠨ᠂ ᠵᠥᠷᠢᠴᠡᠯ ᠢ ᠦᠨᠳᠦᠰᠦᠨ ᠱᠠᠲᠤᠨ ᠳᠤ ᠨᠢ ᠠᠷᠢᠯᠭᠠᠬᠤ ᠬᠡᠷᠡᠭᠲᠡᠢ︾ ᠭᠡᠪᠡ ᠁ | | | | | | | | | | | | |