ᠳᠠᠯ᠎ᠠ ᠭᠠᠷᠤᠢ ᠵᠢᠯ ᠤᠨ ᠠᠶᠠᠨ | ︽ᠡᠨᠡ ᠵᠠᠮ ᠢᠶᠠᠷ ᠵᠠᠮᠨᠠᠭᠰᠠᠨ ᠨᠢ ᠵᠥᠪ ᠪᠠᠶᠢᠨ᠎ᠠ︾ | 5 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠯᠲᠠ ᠬᠢᠪᠡ᠃ | ᠲᠤᠰ ᠺᠣᠮᠫᠠᠨᠢ ᠪᠣᠯ ︽ᠠᠩᠬᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠳᠠᠭᠰᠠᠨ ᠤᠤᠯ ᠤᠨ ᠯᠦᠧᠧᠶᠠᠩ ᠤᠨ | ᠬᠤᠯᠬᠤᠪᠴᠢ ᠶᠢᠨ ᠦᠢᠯᠡᠳᠪᠦᠷᠢ ᠪᠠᠶᠢᠵᠠᠢ᠃ 1954 ᠣᠨ ᠳᠤ᠂ ᠲᠠᠷᠢᠶᠠᠨ ᠭᠠᠵᠠᠷ ᠲᠤ᠂ ᠯᠦᠧᠧᠶᠠᠩ ᠤᠨ ᠬᠤᠯᠬᠤᠪᠴᠢ ᠶᠢᠨ ᠦᠢᠯᠡᠳᠪᠦᠷᠢ ᠨᠢ ᠠᠩᠬᠠᠨ ᠤ | ᠰᠢᠨᠵᠢᠯᠲᠡ ᠶᠢᠨ ᠲᠡᠮᠳᠡᠭ ᠢᠶᠠᠨ ᠪᠣᠰᠬᠠᠪᠠ᠃ ᠲᠡᠷᠡ ᠨᠢ ᠰᠢᠨ᠎ᠡ ᠳᠤᠮᠳᠠᠳᠤ ᠤᠯᠤᠰ ᠤᠨ ᠠᠵᠤ ᠦᠢᠯᠡᠳᠪᠦᠷᠢᠵᠢᠯᠲᠡ ᠶᠢᠨ ᠬᠦᠰᠡᠯ ᠲᠡᠶᠢᠰᠢ ᠤᠷᠤᠭᠰᠢᠯᠠᠭᠰᠠᠨ ᠤ | ᠬᠠᠮᠤᠭ ᠤᠨ ᠠᠩᠬᠠᠨ ᠤ ᠦᠶ᠎ᠡ ᠭᠡᠵᠦ ᠬᠡᠯᠡᠵᠦ ᠪᠣᠯᠣᠨ᠎ᠠ᠃ ︽ᠠᠩᠬᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠤᠨ | ᠭᠤᠣᠯᠳᠠᠯᠭ᠎ᠠ ᠪᠣᠯᠬᠤ 156 ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ 7 ᠨᠢ ᠯᠦᠧᠧᠶᠠᠩ ᠳᠤ ᠪᠠᠶᠢᠷᠢᠯᠠᠵᠤ᠂ ᠯᠦᠧᠧᠶᠠᠩ ᠤᠨ ᠬᠤᠯᠬᠤᠪᠴᠢ ᠶᠢᠨ | ᠦᠢᠯᠡᠳᠪᠦᠷᠢ ᠠᠴᠠ ᠭᠠᠳᠠᠨ᠎ᠠ ᠪᠠᠰᠠ ᠠᠭᠤᠷᠬᠠᠢ ᠶᠢᠨ ᠮᠧᠬᠠᠨᠢᠭ ᠤᠨ ᠦᠢᠯᠡᠳᠪᠦᠷᠢ᠂ ᠭᠠᠯ ᠳᠤ ᠳᠠᠭᠠᠭᠠᠮᠠᠭᠠᠢ ᠮᠠᠲ᠋ᠧᠷᠢᠶᠠᠯ ᠤᠨ ᠦᠢᠯᠡᠳᠪᠦᠷᠢ᠂ ᠲᠷᠠᠺᠲ᠋ᠣᠷ ᠤᠨ | ᠦᠢᠯᠡᠳᠪᠦᠷᠢ ᠵᠡᠷᠭᠡ ᠪᠠᠶᠢᠪᠠ᠃ ᠶᠡᠷᠦᠩᠬᠡᠢ ᠱᠦᠵᠢ ᠡᠳᠡᠭᠡᠷ ᠢ ᠲᠣᠪ ᠲᠣᠳᠣᠷᠬᠠᠢ ᠮᠡᠳᠡᠵᠦ ᠪᠠᠶᠢᠨ᠎ᠠ᠃ | ᠡᠳᠡᠭᠡᠷ ᠠᠵᠤ ᠠᠬᠤᠶᠢᠯᠠᠯ ᠤᠳ ᠨᠢ ᠪᠦᠬᠦᠳᠡ ᠨᠠᠶᠢᠷᠠᠮᠳᠠᠬᠤ ᠤᠯᠤᠰ ᠤᠨ ᠬᠥᠭᠵᠢᠯᠲᠡ ᠶᠢᠨ ᠵᠠᠮ ᠢ ᠲᠠᠭᠠᠨ ᠤᠷᠤᠭᠰᠢᠯᠠᠵᠤ᠂ ᠬᠡᠷᠡᠯ ᠰᠠᠴᠤᠷᠠᠩᠭᠤᠢ | ᠠᠮᠵᠢᠯᠲᠠ ᠶᠢ ᠴᠤ ᠣᠯᠵᠤ ᠥᠩᠭᠡᠷᠡᠪᠡ᠂ ᠪᠦᠳᠦᠷᠢᠵᠦ ᠴᠦ ᠥᠩᠭᠡᠷᠡᠪᠡ᠂ ᠪᠠᠰᠠ ᠬᠡᠳᠦᠨᠲᠡ ᠬᠠᠶᠢᠨ ᠰᠦᠪᠡᠭᠴᠢᠯᠡᠯ ᠬᠢᠵᠦ ᠴᠦ ᠥᠩᠭᠡᠷᠡᠯ᠎ᠡ᠃ ᠬᠤᠯᠬᠤᠪᠴᠢ ᠪᠣᠯ | ᠠᠵᠤ ᠦᠢᠯᠡᠳᠪᠦᠷᠢ ᠶᠢᠨ ︽ᠦᠶ᠎ᠡ ᠭᠡᠰᠢᠭᠦᠦ︾ ᠮᠥᠨ᠃ ︽ᠦᠨᠳᠦᠰᠦᠲᠡᠨ ᠤ ᠠᠵᠤ ᠦᠢᠯᠡᠳᠪᠦᠷᠢ ᠳᠠᠬᠢ ᠬᠤᠯᠬᠤᠪᠴᠢ ᠶᠢᠨ ᠠᠵᠤ ᠦᠢᠯᠡᠳᠪᠦᠷᠢ ᠶᠢᠨ ᠨᠢᠷᠤᠭᠤ ᠶᠢ | ᠭᠡᠳᠡᠶᠢᠯᠭᠡᠨ᠎ᠡ︾ ᠭᠡᠰᠡᠨ ᠯᠦᠧᠧᠶᠠᠩ ᠤᠨ ᠬᠤᠯᠬᠤᠪᠴᠢ ᠶᠢᠨ ᠦᠢᠯᠡᠳᠪᠦᠷᠢ ᠶᠢᠨ ᠲᠠᠩᠭᠠᠷᠢᠭ ᠲᠤ ᠡᠷᠡᠯᠬᠡᠭᠯᠡᠨ ᠲᠡᠮᠡᠴᠡᠬᠦ ᠪᠠ ᠠᠤᠭ᠎ᠠ ᠵᠣᠷᠢᠭ ᠰᠡᠶᠢᠯᠦᠭᠡᠰᠦᠲᠡᠢ᠃ | ᠲᠡᠦᠬᠡ ᠶᠢᠨ ᠬᠤᠪᠢᠰᠤᠯᠲᠠ᠂ ᠣᠯᠠᠨ ᠤᠯᠤᠰ ᠤᠨ ᠬᠤᠭᠤᠷᠣᠨᠳᠣᠬᠢ ᠬᠠᠷᠢᠴᠠᠭᠤᠯᠤᠯ ᠨᠢ ᠨᠢᠭᠡᠨ ᠳ᠋ᠦᠩᠨᠡᠯᠲᠡ ᠶᠢ ᠮᠠᠰᠢ ᠲᠣᠳᠣᠷᠬᠠᠢ ᠪᠣᠯᠭᠠᠵᠠᠢ᠃ ᠶᠡᠷᠦᠩᠬᠡᠢ | ᠱᠦᠵᠢ᠄ ︽ᠪᠢᠳᠡ ᠪᠡᠶ᠎ᠡ ᠪᠠᠨ ᠳᠠᠭᠠᠭᠠᠵᠤ ᠠᠵᠤ ᠦᠢᠯᠡᠰ ᠢ ᠬᠥᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠥᠪᠡᠷ ᠤᠨ ᠬᠦᠴᠦᠨ ᠳᠤ ᠪᠠᠨ ᠲᠦᠰᠢᠭᠯᠡᠨ ᠠᠵᠤ | ᠦᠢᠯᠡᠳᠪᠦᠷᠢ᠂ ᠦᠢᠯᠡᠳᠬᠦ ᠦᠢᠯᠡᠰ ᠢ ᠬᠥᠭᠵᠢᠭᠦᠯᠪᠡ᠂ ᠡᠨᠡ ᠵᠠᠮ ᠢᠶᠠᠷ ᠵᠠᠮᠨᠠᠭᠰᠠᠨ ᠨᠢ ᠵᠥᠪ ᠪᠠᠶᠢᠨ᠎ᠠ︕︾ ᠭᠡᠵᠦ ᠡᠷᠡᠰ ᠪᠠᠲᠤ ᠬᠡᠯᠡᠪᠡ᠃ | ᠡᠨᠡ ᠬᠦ ᠵᠠᠮ ᠶᠠᠪᠤᠬᠤ ᠲᠤᠳᠤᠮ ᠢᠶᠠᠨ ᠥᠷᠭᠡᠵᠢᠵᠦ᠂ ᠶᠠᠪᠤᠬᠤ ᠲᠤᠳᠤᠮ ᠢᠶᠠᠨ ᠪᠠᠲᠤᠵᠢᠪᠠ᠃ | ᠳᠤᠮᠳᠠᠳᠤ ᠤᠯᠤᠰ ᠦᠢᠯᠡᠳᠬᠦ ᠦᠢᠯᠡᠰ ᠢ ᠬᠥᠭᠵᠢᠭᠦᠯᠬᠦ ᠶᠢ ᠪᠠᠷᠢᠮᠲᠠᠯᠠᠬᠤ ᠡᠰᠡᠬᠦ ᠭᠡᠬᠦ ᠡᠨᠡ ᠬᠦ ᠠᠰᠠᠭᠤᠳᠠᠯ ᠳᠤ᠂ ᠨᠠᠮ ᠤᠨ ᠲᠥᠪ ᠬᠤᠷᠢᠶᠠᠨ ᠤ ᠣᠪᠣᠷ ᠡᠷᠡᠰ | ᠪᠠᠲᠤ ᠪᠠᠶᠢᠵᠤ᠂ ︽ᠳᠤᠮᠳᠠᠳᠤ ᠤᠯᠤᠰ ᠲᠤ ᠬᠡᠵᠢᠶ᠎ᠡ ᠴᠦ ᠭᠡᠰᠡᠨ ᠦᠢᠯᠡᠳᠬᠦ ᠦᠢᠯᠡᠰ ᠳᠤᠲᠠᠭᠳᠠᠵᠤ ᠪᠣᠯᠬᠤ ᠦᠭᠡᠢ︾᠃ ᠪᠠᠶᠢᠯᠳᠤᠬᠤ ᠪᠣᠳᠣᠯᠭ᠎ᠠ ᠶᠢᠨ ᠭᠠᠷᠮᠠᠭᠠᠢ | ᠬᠠᠷᠠᠴᠠ ᠨᠢ 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠢ ᠬᠥᠲᠥᠯᠥᠨ ᠳᠠᠭᠠᠭᠤᠯᠵᠤ ᠤᠷᠳᠤ ᠬᠤᠭᠤᠴᠠᠭ᠎ᠠ ᠪᠠᠷ ᠪᠠᠶᠢᠷᠢᠰᠢᠭᠤᠯᠤᠨ | ᠬᠦᠴᠦᠯᠡᠭᠰᠡᠨ ᠤ ᠡᠷᠴᠢᠮ ᠳᠡᠭᠡᠷ᠎ᠡ ︽ᠤᠯᠤᠰ ᠢᠶᠠᠨ ᠲᠣᠭᠲᠠᠨᠢᠭᠤᠯᠬᠤ ᠶᠢᠨ ᠦᠨᠳᠦᠰᠦ᠂ ᠤᠯᠤᠰ ᠢᠶᠠᠨ ᠬᠦᠴᠦᠷᠬᠡᠭᠵᠢᠭᠦᠯᠬᠦ ᠶᠢᠨ ᠰᠠᠭᠤᠷᠢ︾ ᠶᠢ ᠠᠯᠬᠤᠮ | ᠠᠯᠬᠤᠮ ᠢᠶᠠᠷ ᠪᠠᠬᠢᠵᠢᠭᠦᠯᠪᠡ᠃ | ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠪᠣᠯᠤᠭᠰᠠᠨ ᠤ ᠬᠤᠪᠢ ᠳᠤ᠂ ᠦᠢᠯᠡᠳᠬᠦ ᠦᠢᠯᠡᠰ ᠤᠨ ᠦᠰᠦᠷᠦᠯᠲᠡ ᠨᠢ ᠶᠠᠭᠤᠨ ᠳᠤ | ᠲᠦᠰᠢᠭᠯᠡᠳᠡᠭ ᠪᠤᠢ︖ | ᠨᠢᠭᠡ ᠬᠠᠷᠢᠭᠤᠯᠲᠠ ᠨᠢ ᠭᠡᠪᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠷᠴᠢᠮᠵᠢᠭᠦᠯᠬᠦ ᠶᠠᠪᠤᠳᠠᠯ ᠪᠣᠯᠣᠨ᠎ᠠ᠃ | ᠠᠶᠠᠨ ᠵᠠᠮ ᠳᠠᠭᠤᠰᠤᠰᠢ ᠦᠭᠡᠢ᠃ ᠰᠢᠨ᠎ᠡ ᠶᠢ ᠡᠭᠦᠳᠬᠦ ᠬᠡᠯᠬᠢᠶ᠎ᠡ ᠪᠠ ᠠᠵᠤ ᠦᠢᠯᠡᠰ ᠤᠨ ᠬᠡᠯᠬᠢᠶ᠎ᠡ ᠶᠢ ᠵᠣᠯᠭᠠᠭᠤᠯᠬᠤ ᠳᠤ᠂ ︽ᠦᠢᠯᠡᠳᠴᠦ ᠳᠡᠶᠢᠯᠬᠦ︾ ᠠᠴᠠ | ︽ᠨᠠᠷᠢᠯᠢᠭ ᠦᠢᠯᠡᠳᠬᠦ︾ ᠬᠦᠷᠲᠡᠯ᠎ᠡ᠂ ︽ᠶᠡᠭᠡ︾ ᠪᠠᠶᠢᠭᠰᠠᠨ ᠠᠴᠠ ᠨᠢ ︽ᠬᠦᠴᠦᠷᠬᠡᠭ︾ ᠪᠣᠯᠭᠠᠨ ᠬᠤᠪᠢᠷᠠᠭᠤᠯᠬᠤ ᠬᠦᠷᠲᠡᠯ᠎ᠡ᠂ ᠠᠯᠬᠤᠮ ᠪᠦᠷᠢ ᠳᠤ ᠴᠥᠮ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠᠶᠢᠬᠤ ᠶᠤᠮ᠃ | ᠡᠭᠦᠨ ᠤ ᠲᠤᠬᠠᠢ ᠶᠡᠷᠦᠩᠬᠡᠢ ᠱᠦᠵᠢ ᠰᠢ ᠶᠢᠨ ᠫᠢᠩ ᠮᠠᠰᠢ ᠭᠦᠨ ᠲᠥᠷᠥᠭᠳᠡᠯ ᠲᠠᠢ ᠪᠢᠯᠡ᠃ | ︽ᠣᠳᠣ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠷᠴᠢᠮᠵᠢᠭᠦᠯᠬᠦ ᠠᠴᠠ ᠰᠠᠯᠵᠤ ᠴᠢᠳᠠᠬᠤ ᠦᠭᠡᠢ᠂ ᠮᠡᠷᠭᠡᠵᠢᠯ ᠤᠨ | ᠰᠢᠪᠲᠤᠯᠤᠯᠲᠠ ᠶᠢ ᠶᠡᠭᠡ ᠪᠠᠷ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ︾ ᠭᠡᠬᠦ ᠦᠭᠡ ᠨᠢ | ᠪᠢᠳᠡᠨ ᠳᠤ ᠴᠢᠭᠯᠡᠯ ᠢ ᠵᠢᠭᠠᠵᠤ ᠥᠭᠴᠦ ᠪᠠᠶᠢᠨ᠎ᠠ᠃ | ᠰᠢᠨ᠎ᠡ ᠶᠢ ᠡᠭᠦᠳᠬᠦ ᠳᠤ ᠰᠠᠭᠠᠳ ᠲᠣᠳᠬᠠᠷ᠂ ᠲᠤᠬᠰᠢᠨ ᠤᠷᠤᠰᠬᠠᠯ᠂ ᠠᠶᠤᠯ ᠲᠦᠭᠰᠢᠭᠦᠷᠢ ᠳᠤ ᠤᠴᠠᠷᠠᠬᠤ ᠨᠢ ᠵᠠᠶᠢᠯᠠᠰᠢ ᠦᠭᠡᠢ ᠶᠤᠮ᠃ ᠭᠠᠭᠴᠠ ᠬᠦ | ᠴᠢᠭᠯᠡᠯ ᠢᠶᠠᠨ ᠵᠥᠪ ᠲᠠᠨᠢᠵᠤ᠂ ᠴᠤᠴᠠᠯᠲᠠ ᠦᠭᠡᠢ ᠤᠷᠤᠭᠰᠢᠯᠠᠬᠤ ᠡᠷᠡᠯᠬᠡᠭ ᠵᠣᠷᠢᠭ᠂ ᠨᠤᠭᠤᠷᠠᠯ ᠳᠤ ᠤᠴᠠᠷᠠᠬᠤ ᠲᠤᠳᠤᠮ ᠢᠶᠠᠨ ᠵᠣᠷᠢᠭᠯᠠᠬᠤ ᠪᠠᠨ ᠪᠠᠷᠢᠮᠲᠠᠯᠠᠪᠠᠯ ᠰᠠᠶ᠋ᠢ | ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ ᠴᠢᠳᠠᠨ᠎ᠠ᠃ | ᠡᠨᠡ ᠨᠢ ᠮᠥᠨ ᠴᠦ ᠳᠤᠮᠳᠠᠳᠤ ᠤᠯᠤᠰ ᠤᠨ ᠶᠠᠪᠤᠵᠤ ᠥᠩᠭᠡᠷᠡᠭᠰᠡᠨ ᠵᠠᠮ ᠪᠣᠯᠣᠨ᠎ᠠ᠃ | ᠪᠠᠰᠠ ᠨᠢᠭᠡ ᠬᠠᠷᠢᠭᠤᠯᠲᠠ ᠨᠢ ᠭᠡᠪᠡᠯ᠂ ᠴᠢᠳᠠᠪᠤᠷᠢᠲᠠᠨ ᠤ ᠲᠤᠯᠭᠠᠭᠤᠷᠢᠯᠠᠯ ᠪᠣᠯᠣᠨ᠎ᠠ᠃ | ᠯᠦᠧᠧᠶᠠᠩ ᠤᠨ ᠬᠤᠯᠬᠤᠪᠴᠢ ᠶᠢᠨ ᠦᠢᠯᠡᠳᠪᠦᠷᠢ ᠶᠢᠨ ᠬᠠᠷᠢᠭᠤᠴᠠᠯᠭᠠᠲᠠᠨ ᠬᠠᠷᠢᠭᠤ ᠮᠡᠳᠡᠭᠦᠯᠬᠦ ᠳᠤ ᠪᠠᠨ᠂ ᠲᠤᠬᠠᠢ ᠶᠢᠨ ᠭᠠᠵᠠᠷ ᠤᠨ ︽ᠨᠢᠭᠡ ᠦᠢᠯᠡᠳᠪᠦᠷᠢ | ᠨᠢᠭᠡ ᠭᠠᠵᠠᠷ ᠨᠢᠭᠡ ᠰᠤᠷᠭᠠᠭᠤᠯᠢ ᠨᠢᠭᠡ ᠬᠦᠷᠢᠶᠡᠯᠡᠩ︾ ᠤᠨ ᠬᠡᠪ ᠵᠠᠭᠪᠤᠷ ᠨᠢ ᠬᠤᠯᠬᠤᠪᠴᠢ ᠶᠢᠨ ᠠᠵᠢᠯ ᠲᠥᠷᠥᠯ ᠤᠨ ᠬᠥᠭᠵᠢᠯᠲᠡ ᠶᠢ ᠬᠦᠴᠦᠲᠡᠢ ᠠᠬᠢᠭᠤᠯᠤᠭᠰᠠᠨ | ᠪᠠᠶᠢᠨ᠎ᠠ ᠭᠡᠵᠡᠢ᠂ ᠶᠡᠷᠦᠩᠬᠡᠢ ᠱᠦᠵᠢ ᠡᠭᠦᠨ ᠤ ᠲᠤᠬᠠᠢ᠄ ︽ᠠᠳᠡ ᠬᠤᠯᠬᠤᠪᠴᠢ ᠶᠢᠨ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠬᠢ ᠠᠮᠢ ᠠᠬᠤᠢ ᠰᠠᠶᠢᠨ ᠪᠠᠶᠢᠳᠠᠭ | ᠨᠢ ᠳᠠᠷᠤᠢ ᠦᠢᠯᠡᠳᠪᠦᠷᠢᠯᠡᠯ ᠵᠢᠭᠠᠯᠲᠠ ᠰᠤᠷᠭᠠᠯᠲᠠ ᠰᠤᠳᠤᠯᠤᠯ ᠢ ᠨᠢᠭᠡ ᠴᠣᠭᠴᠠᠵᠢᠭᠤᠯᠤᠭᠰᠠᠨ ᠳᠤ ᠪᠠᠶᠢᠨ᠎ᠠ︾ ᠭᠡᠵᠦ ᠨᠤᠲᠠᠯᠠᠪᠠ᠃ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ | ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠦᠰᠢᠭ ᠲᠤᠯᠭᠠᠭᠤᠷᠢ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯᠳᠤᠭᠠᠨ ᠤ ︽ᠲᠣᠭᠲᠠᠭᠠᠯ︾ ᠳᠤ ︽ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ︾ ᠭᠡᠵᠦ ᠳᠤᠷᠠᠳᠪᠠ᠃ | ᠰᠠᠭᠠᠳ ᠲᠣᠳᠬᠠᠷ ᠢ ᠤᠯᠠᠮ ᠨᠢᠭᠡ ᠠᠯᠬᠤᠮ ᠡᠪᠳᠡᠵᠦ᠂ ᠬᠠᠮᠵᠢᠯᠴᠠᠨ ᠬᠤᠪᠢᠰᠬᠠᠬᠤ ᠶᠢ ᠠᠬᠢᠭᠤᠯᠵᠤ᠂ ᠡᠯ᠎ᠡ ᠭᠠᠵᠠᠷ ᠤᠨ ᠬᠢᠨ ᠬᠦᠷ ᠬᠥᠭᠵᠢᠶᠡᠨ ᠲᠠᠢ ᠠᠬᠢᠭᠤᠯᠵᠤ | ᠪᠣᠢ᠃ | | | | | | | |