ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 26 ᠤ ᠡᠳᠦᠷ ᠵᠠᠬᠢᠳᠠᠯ | ᠢᠯᠡᠭᠡᠵᠦ ᠹᠦᠳᠠᠨ ᠶᠡᠭᠡ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠣᠶ ᠳᠤ ᠪᠠᠶᠠᠷ ᠬᠦᠷᠭᠡᠵᠦ᠂ ᠪᠦᠭᠦ ᠪᠠᠭᠰᠢ ᠰᠣᠷᠣᠬᠴᠢ ᠠᠵᠢᠯᠲᠠᠨ ᠪᠣᠯᠣᠨ ᠥᠷᠭᠡᠨ | ᠣᠯᠠᠨ ᠰᠤᠷᠭᠠᠭᠤᠯᠢ ᠶᠢᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ 120 ᠵᠢᠯ ᠤᠨ ᠲᠤᠷᠰᠢ ᠹᠦᠳᠠᠨ ᠶᠡᠭᠡ ᠰᠤᠷᠭᠠᠭᠤᠯᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠢᠷᠠᠭᠤ | ᠠᠯᠳᠠᠷᠲᠤ ᠤᠯᠤᠰ ᠢᠶᠠᠨ ᠬᠠᠶᠢᠷᠠᠯᠠᠬᠤ ᠤᠯᠠᠮᠵᠢᠯᠠᠯ ᠪᠠ ᠰᠢᠯᠢᠳᠡᠭ ᠰᠤᠷᠭᠠᠭᠤᠯᠢ ᠶᠢᠨ ᠰᠤᠷᠲᠠᠯ ᠢ ᠪᠦᠷᠢᠯᠳᠦᠭᠦᠯᠵᠦ᠂ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ | ᠬᠥᠮᠥᠵᠢᠭᠦᠯᠵᠦ᠂ ᠮᠠᠰᠢ ᠤᠯᠠᠨ ᠠᠩᠬᠠᠨ ᠤ ᠡᠭᠦᠳᠦᠯᠲᠡ ᠶᠢᠨ ᠴᠢᠨᠠᠷᠲᠠᠢ ᠦᠷ᠎ᠡ ᠪᠦᠲᠦᠭᠡᠯ ᠢ ᠡᠭᠦᠳᠴᠦ᠂ ᠤᠯᠤᠰ ᠤᠨ ᠪᠦᠲᠦᠭᠡᠨ ᠪᠠᠶᠢᠭᠤᠯᠤᠯᠲᠠ ᠪᠣᠯᠣᠨ | ᠦᠨᠳᠦᠰᠦᠲᠡᠨ ᠤ ᠲᠠᠪᠰᠢᠯᠳᠠ ᠳᠤ ᠢᠳᠡᠪᠬᠢᠲᠡᠢ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠭᠠᠷᠤᠭ᠎ᠠ ᠳᠡᠭᠡᠷ᠎ᠡ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠦᠭ ᠰᠦᠨᠡᠰᠦ ᠱᠤᠭᠤᠵᠤ ᠬᠥᠮᠥᠨ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠪᠡᠶ᠎ᠡ ᠪᠠᠨ ᠳᠠᠭᠠᠭᠠᠵᠤ | ᠴᠢᠳᠠᠪᠤᠷᠢᠲᠠᠨ ᠬᠥᠮᠥᠵᠢᠭᠦᠯᠬᠦ ᠰᠠᠶᠢᠨ ᠰᠠᠶᠢᠬᠠᠨ ᠬᠤᠷᠰᠢᠯᠴᠠᠯ ᠢ ᠠᠬᠢᠭᠤᠯᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢᠨ ᠰᠢᠨ᠎ᠡ ᠶᠢ | ᠡᠭᠦᠳᠬᠦ᠂ ᠣᠨᠣᠯ ᠤᠨ ᠰᠢᠨ᠎ᠡ ᠶᠢ ᠡᠭᠦᠳᠬᠦ᠂ ᠠᠷᠭ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ ᠣᠷᠣᠨ | ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠭᠦ ᠶᠢ ᠹᠦᠳᠠᠨ ᠶᠡᠭᠡ ᠰᠤᠷᠭᠠᠭᠤᠯᠢ ᠶᠢᠨ ᠬᠢᠨ ᠳᠤ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠹᠦᠳᠠᠨ ᠶᠡᠭᠡ ᠰᠤᠷᠭᠠᠭᠤᠯᠢ 1905 ᠣᠨ ᠳᠤ ᠪᠠᠶᠢᠭᠤᠯᠤᠭᠳᠠᠵᠠᠢ᠃ 120 ᠵᠢᠯ ᠤᠨ ᠲᠤᠷᠰᠢ ᠹᠦᠳᠡᠨ ᠶᠡᠭᠡ ᠰᠤᠷᠭᠠᠭᠤᠯᠢ ︽ᠥᠷᠭᠡᠨ ᠮᠡᠳᠡᠯᠭᠡ ᠪᠠᠲᠤ | ᠢᠲᠡᠭᠡᠯ ᠨᠢᠮᠪᠠᠢ ᠰᠤᠷᠤᠯᠴᠠᠯᠭ᠎ᠠ ᠨᠢᠭᠲᠠ ᠰᠡᠳᠬᠢᠬᠦᠢ︾ ᠭᠡᠬᠦ ᠰᠤᠷᠭᠠᠭᠤᠯᠢ ᠶᠢᠨ ᠰᠤᠷᠭᠠᠯ ᠢᠶᠠᠷ᠂ ᠴᠣᠯᠭᠤᠷᠠᠬᠤ ᠶᠢ ᠬᠥᠭᠡᠭᠡᠴᠡᠯᠳᠦᠵᠦ᠂ ᠵᠠᠮ ᠨᠡᠭᠡᠭᠡᠨ ᠰᠢᠨ᠎ᠡ ᠶᠢ | ᠡᠭᠦᠳᠴᠦ᠂ ᠤᠯᠤᠰ ᠣᠷᠣᠨ ᠳᠤ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠬᠥᠮᠥᠵᠢᠭᠦᠯᠵᠡᠢ᠃ | |