ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 5 ᠳ᠋ᠤᠭᠠᠷ ᠰᠠᠷ᠎ᠠ ᠶᠢᠨ 23 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ | ︽ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠠᠵᠢᠯᠯᠠᠭᠠᠨ ᠤ ᠲᠥᠰᠥᠯ ︵2025 - 2027 ᠣᠨ︶︾ ᠢ | ᠬᠢᠨᠠᠨ ᠶᠠᠷᠢᠯᠴᠠᠵᠤ ᠪᠠᠲᠤᠯᠠᠪᠠ᠂ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ | ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ | ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠶᠠᠷᠢᠯᠴᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ | ᠠᠬᠢᠭᠤᠯᠬᠤ ᠪᠣᠯ ᠶᠡᠭᠡ ᠬᠠᠨᠳᠤᠰᠢ ᠶᠤᠮ᠂ ᠪᠣᠬᠢᠷᠲᠤᠯ ᠦᠭᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ ᠪᠣᠬᠢᠷᠲᠤᠯ ᠦᠭᠡᠢ | ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠦᠭᠡᠢ ᠰᠠᠭᠤᠷᠢ ᠶᠢ ᠴᠢᠩᠭᠠᠳᠬᠠᠬᠤ | ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ | ᠰᠢᠨᠡᠳᠬᠡᠬᠦ ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠯᠦᠭᠡ ᠤᠶᠠᠯᠳᠤᠭᠤᠯᠵᠤ᠂ ᠲᠡᠷᠢᠭᠦᠨ ᠤ ᠲᠤᠨᠤᠭ ᠲᠥᠬᠦᠭᠡᠷᠦᠮᠵᠢ ᠪᠠ ᠤᠷᠠᠯᠠᠯ ᠢ ᠢᠳᠡᠪᠬᠢᠲᠡᠢ ᠬᠡᠷᠡᠭᠯᠡᠵᠦ᠂ | ᠭᠤᠣᠯᠳᠠᠯᠭ᠎ᠠ ᠪᠣᠯᠬᠤ ᠠᠵᠢᠯ ᠲᠦᠷᠦᠯ ᠤᠨ ᠪᠣᠬᠢᠷᠲᠤᠯ ᠦᠭᠡᠢ ᠪᠠᠷ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ ᠰᠢᠨ᠎ᠡ ᠪᠠᠷ | ᠮᠠᠨᠳᠤᠵᠤ ᠪᠠᠶᠢᠭ᠎ᠠ ᠠᠵᠤ ᠦᠢᠯᠡᠰ ᠤᠨ ᠥᠨᠳᠥᠷ ᠭᠠᠷᠤᠭ᠎ᠠ ᠲᠠᠢ ᠪᠣᠬᠢᠷᠲᠤᠯ ᠦᠭᠡᠢ ᠬᠥᠭᠵᠢᠯᠲᠡ ᠶᠢ ᠬᠥᠲᠥᠯᠥᠨ ᠳᠠᠭᠠᠭᠤᠯᠵᠤ᠂ ᠴᠡᠪᠡᠷ ᠡᠨᠧᠷᠭᠢ᠂ ᠪᠣᠬᠢᠷᠲᠤᠯ ᠦᠭᠡᠢ | ᠦᠢᠯᠡᠳᠬᠦᠨ ᠤ ᠳᠡᠯᠭᠡᠷᠡᠭᠦᠯᠦᠯᠲᠡ ᠶᠢ ᠴᠢᠩᠭᠠᠳᠬᠠᠵᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ | ᠨᠡᠶᠢᠲᠡᠴᠢ ᠴᠢᠨᠠᠷᠲᠠᠢ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠪᠣᠯᠬᠤ ᠬᠦᠷᠢᠶᠡᠨ ᠳᠠᠬᠢ ᠪᠠᠷᠢᠮᠵᠢᠶ᠎ᠠ ᠶᠢ ᠲᠡᠭᠦᠯᠳᠡᠷᠵᠢᠭᠦᠯᠵᠦ᠂ | ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠪᠣᠬᠢᠷᠲᠤᠯ ᠦᠭᠡᠢ ᠦᠢᠯᠡᠳᠬᠦ ᠪᠠ ᠦᠢᠯᠡᠴᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠠᠵᠤ | ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠨᠡᠩ ᠰᠠᠶᠢᠲᠤᠷ ᠳᠡᠮᠵᠢᠨ ᠬᠠᠪᠰᠤᠷᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠥᠪᠡᠷ ᠤᠨ ᠦᠷᠳᠡᠭ ᠢ ᠨᠢ ᠬᠠᠮᠲᠤ ᠪᠠᠷ ᠡᠭᠦᠷᠭᠡᠯᠡᠬᠦ᠂ ᠦᠷ᠎ᠡ ᠠᠰᠢᠭ ᠢ ᠨᠢ ᠬᠠᠮᠲᠤ ᠪᠠᠷ ᠡᠳ᠋ᠯᠡᠬᠦ᠂ | ᠬᠠᠮᠲᠤᠷᠠᠯᠴᠠᠵᠤ ᠬᠠᠮᠲᠤ ᠪᠠᠷ ᠵᠠᠰᠠᠬᠤ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢ ᠪᠠᠶᠢᠭᠤᠯᠬᠤ ᠪᠣᠯ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠪᠦᠷᠬᠦᠴᠡ ᠪᠠᠷ ᠨᠡᠩ ᠪᠦᠬᠦ ᠲᠠᠯ᠎ᠠ ᠶᠢᠨ᠂ ᠡᠷᠬᠡ ᠬᠠᠷᠢᠭᠤᠴᠠᠯᠭ᠎ᠠ ᠪᠠᠷ ᠨᠡᠩ ᠲᠣᠳᠣᠷᠬᠠᠢ᠂ ᠠᠷᠭ᠎ᠠ ᠬᠡᠯᠪᠡᠷᠢ ᠪᠠᠷ ᠨᠡᠩ ᠤᠯᠠᠨ | ᠡᠰᠢᠴᠢᠯᠡᠭᠰᠡᠨ᠂ ᠵᠠᠰᠠᠯᠲᠠ ᠪᠠᠷ ᠨᠡᠩ ᠥᠨᠳᠥᠷ ᠪᠦᠲᠦᠮᠵᠢᠲᠡᠢ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠪᠠᠶᠢᠭᠤᠯᠬᠤ ᠶᠢ | ᠠᠬᠢᠭᠤᠯᠵᠤ᠂ ᠭᠤᠣᠯᠳᠠᠯᠭ᠎ᠠ ᠪᠣᠯᠬᠤ ᠡᠭᠦᠷᠭᠡ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠮᠢ ᠠᠬᠤᠢ ᠶᠢᠨ | ᠪᠦᠲᠦᠭᠡᠭᠳᠡᠬᠦᠨ ᠤ ᠬᠠᠩᠭᠠᠯᠭ᠎ᠠ ᠶᠢᠨ ᠭᠠᠵᠠᠷ ᠪᠠ ᠠᠰᠢᠭ ᠬᠦᠷᠳᠡᠬᠦ ᠭᠠᠵᠠᠷ ᠤᠨ ᠰᠠᠶᠢᠨ ᠦᠢᠯᠡᠳᠦᠯᠴᠡᠯ ᠢ ᠪᠡᠶᠡᠯᠡᠭᠦᠯᠬᠦ ᠬᠡᠷᠡᠭᠲᠡᠢ᠃ ᠥᠷᠭᠡᠨ ᠶᠡᠭᠡ ᠭᠤᠣᠯ ᠮᠥᠷᠡᠨ ᠤ | ᠭᠤᠣᠯ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ | ᠨᠥᠬᠦᠪᠦᠷᠢᠯᠡᠬᠦ ᠬᠦᠷᠢᠶ᠎ᠡ ᠶᠢ ᠨᠢ ᠲᠣᠭᠲᠠᠭᠤᠨ ᠢᠶᠠᠷ ᠥᠷᠭᠡᠳᠬᠡᠵᠦ᠂ ᠤᠢ ᠰᠢᠭᠤᠢ᠂ ᠨᠤᠲᠤᠭ ᠪᠡᠯᠴᠢᠭᠡᠷ᠂ ᠠᠭᠠᠷ ᠮᠠᠨᠳᠠᠯ ᠵᠡᠷᠭᠡ ᠪᠤᠰᠤᠳ ᠠᠮᠢ ᠠᠬᠤᠢ ᠶᠢᠨ ᠣᠷᠴᠢᠨ | ᠲᠣᠭᠤᠷᠢᠨ ᠤ ᠬᠦᠴᠦᠨ ᠵᠦᠢᠯ ᠤᠨ ᠨᠥᠬᠦᠪᠦᠷᠢ ᠶᠢᠨ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠱᠠᠩᠨᠠᠵᠤ ᠲᠣᠷᠭᠠᠬᠤ ᠶᠢ ᠲᠣᠳᠣ ᠪᠠᠶᠢᠯᠭᠠᠬᠤ | ᠳᠦᠷᠢᠮ ᠲᠣᠭᠲᠠᠴᠠ ᠶᠢ ᠪᠦᠷᠢᠨᠰᠢᠭᠦᠯᠵᠦ᠂ ︽ᠬᠡᠨ ᠪᠣᠬᠢᠷᠲᠤᠭᠤᠯᠪᠠᠯ ᠲᠡᠷᠡ ᠵᠠᠰᠠᠬᠤ᠂ ᠬᠡᠨ ᠬᠠᠮᠠᠭᠠᠯᠠᠪᠠᠯ ᠲᠡᠷᠡ ᠠᠰᠢᠭ ᠬᠦᠷᠳᠡᠬᠦ︾ ᠶᠢ ᠪᠠᠷᠢᠮᠲᠠᠯᠠᠵᠤ᠂ ᠤᠷᠮᠠᠰᠢᠭᠤᠯᠬᠤ | ᠪᠠ ᠬᠦᠯᠢᠶᠡᠰᠦᠯᠡᠬᠦ ᠲᠦᠷᠦ ᠶᠢᠨ ᠪᠣᠳᠣᠯᠭ᠎ᠠ ᠶᠢ ᠰᠤᠳᠤᠯᠤᠨ ᠲᠡᠭᠦᠯᠳᠡᠷᠵᠢᠭᠦᠯᠵᠦ᠂ ᠨᠡᠩ ᠤᠯᠠᠨ ᠨᠡᠶᠢᠭᠡᠮ ᠤᠨ ᠬᠥᠷᠥᠩᠭᠡ ᠶᠢ ᠲᠠᠲᠠᠵᠤ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠳᠤ ᠣᠷᠣᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ ︵ᠵᠠᠰᠠᠪᠤᠷᠢ | ᠣᠷᠣᠭᠤᠯᠤᠭᠰᠠᠨ ᠲᠥᠰᠥᠯ︶︾ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ | ᠵᠥᠪᠯᠡᠭᠦᠯᠬᠦ ᠪᠠᠷ ᠲᠣᠭᠲᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠢᠳᠡᠭᠡᠨ ᠤ ᠵᠦᠢᠯ ᠤᠨ ᠠᠮᠤᠷ ᠲᠦᠪᠰᠢᠨ ᠪᠣᠯ ᠠᠮᠢ ᠨᠠᠰᠤ ᠡᠷᠡᠭᠦᠯ ᠮᠡᠨᠳᠦ ᠳᠤ | ᠬᠤᠯᠪᠣᠭᠳᠠᠨ᠎ᠠ᠂ ᠪᠠᠴᠢᠮ ᠬᠡᠷᠡᠭᠯᠡᠬᠦ ᠶᠢ ᠤᠷᠢᠳ ᠢᠶᠠᠷ ᠬᠡᠷᠡᠭᠵᠢᠭᠦᠯᠬᠦ ᠵᠠᠷᠴᠢᠮ ᠶᠣᠰᠣᠭᠠᠷ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ | ᠲᠡᠭᠦᠯᠳᠡᠷᠵᠢᠭᠦᠯᠵᠦ᠂ ᠨᠡᠩ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ ᠢᠳᠡᠭᠡᠨ ᠤ ᠵᠦᠢᠯ ᠤᠨ ᠠᠮᠤᠷ ᠲᠦᠪᠰᠢᠨ ᠤ ᠪᠠᠷᠢᠮᠵᠢᠶ᠎ᠠ᠂ ᠢᠯᠠᠩᠭᠤᠶ᠎ᠠ ᠠᠯᠪᠠᠳᠠᠯᠭ᠎ᠠ ᠶᠢᠨ | ᠴᠢᠨᠠᠷᠲᠠᠢ ᠪᠠᠷᠢᠮᠵᠢᠶᠠᠨ ᠤ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠢᠳᠡᠭᠡᠨ ᠤ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠬᠡᠪ ᠵᠠᠭᠪᠤᠷ ᠢ ᠬᠡᠷᠡᠭ | ᠡᠭᠦᠰᠬᠦ ᠠᠴᠠ ᠤᠷᠢᠳ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠬᠡᠯᠬᠢᠶᠡᠨ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ ᠬᠠᠨᠳᠤᠭᠤᠯᠬᠤ ᠶᠢ ᠠᠬᠢᠭᠤᠯᠵᠤ᠂ ᠡᠳᠦᠷ ᠲᠤᠳᠤᠮ ᠤᠨ ᠬᠢᠨᠠᠯᠲᠠ | ᠪᠠᠶᠢᠴᠠᠭᠠᠯᠲᠠ ᠶᠢ ᠴᠢᠩᠳᠠᠯᠠᠬᠤ ᠬᠡᠷᠡᠭᠲᠡᠢ᠃ ᠭᠤᠣᠯᠳᠠᠯᠭ᠎ᠠ ᠪᠣᠯᠬᠤ ᠬᠦᠷᠢᠶ᠎ᠡ ᠶᠢ ᠲᠣᠪᠤᠶᠢᠯᠭᠠᠨ ᠲᠤᠰᠬᠠᠢ ᠵᠠᠰᠠᠯᠲᠠ ᠶᠢ ᠥᠷᠨᠢᠭᠦᠯᠵᠦ᠂ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠭᠰᠠᠨ ᠦᠷ᠎ᠡ ᠳ᠋ᠦᠩ ᠢ ᠰᠢᠢᠳᠪᠦᠷᠢᠯᠡᠬᠦ ᠪᠠᠨ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠥᠴᠥᠬᠡᠨ ᠴᠦ | ᠢᠯᠳᠠᠷ ᠬᠠᠶᠠᠬᠤ ᠦᠭᠡᠢ ᠪᠠᠶᠢᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | | | | | | | | | |