ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠣᠲᠤᠭ ᠤᠨ ᠡᠮᠦᠨᠡᠲᠦ ᠬᠤᠰᠢᠭᠤ᠂ | ᠦᠦᠰᠢᠨ ᠬᠤᠰᠢᠭᠤᠨ ᠳᠤ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ ᠠᠭᠤᠰᠤᠯᠴᠠᠯ ᠵᠡᠷᠭᠡ ᠠᠵᠢᠯ ᠢ | ᠪᠠᠶᠢᠴᠠᠭᠠᠨ ᠰᠤᠳᠤᠯᠪᠠ᠃ | ᠪᠠᠷᠠᠭᠤᠨ ᠣᠷᠳᠣᠰ ᠤᠨ ᠮᠣᠭᠠᠶᠢᠲᠤ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠯᠵᠠᠴᠢ ᠪᠠᠯᠭᠠᠰᠤ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠠᠪᠤᠭᠰᠠᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ᠂ ᠰᠢᠷᠬᠤᠰᠤᠨ ᠭᠤᠣᠯ ᠤᠨ ᠳ᠋ᠠ ᠼᠤᠤ ᠸᠠᠨ ᠤᠰᠤ ᠲᠠᠲᠠᠬᠤ ᠠᠮᠠᠰᠠᠷ ᠵᠢᠴᠢ ᠢᠦᠢ ᠵᠧᠨ ᠠᠮᠢ ᠠᠬᠤᠢ ᠶᠢᠨ | ᠬᠦᠷᠢᠶᠡᠯᠡᠩ᠂ ᠣᠩᠭᠤᠨ ᠮᠠᠩᠬ᠎ᠠ ᠡᠯᠡᠰᠦᠨ ᠴᠦᠯ ᠤᠨ ᠴᠡᠴᠡᠷᠯᠢᠭ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠥᠪᠥᠷ ᠮᠣᠩᠭᠤᠯ ᠱᠠᠨᠰᠢ ᠨᠢᠩᠰᠢᠶᠠ ᠶᠢᠨ ᠬᠠᠮᠲᠤᠷᠠᠨ | ᠰᠡᠷᠭᠡᠶᠢᠯᠡᠵᠦ ᠬᠠᠮᠲᠤᠷᠠᠨ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠢᠦᠢ ᠬᠠᠢ ᠢᠦᠢ ᠠᠴᠠ ᠤᠷᠭᠤᠮᠠᠯ ᠤᠨ ᠬᠤᠴᠢᠯᠭ᠎ᠠ ᠶᠢᠨ ᠬᠠᠮᠠᠭᠠᠯᠠᠯᠲᠠ᠂ | ᠤᠰᠤᠨ ᠰᠢᠰᠲ᠋ᠧᠮ ᠤᠨ ᠵᠠᠰᠠᠯᠲᠠ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠰᠢᠰᠲ᠋ᠧᠮ ᠤᠨ ᠤᠯᠠᠨ | ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠦᠷᠦᠯ ᠤᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ | ᠬᠦᠴᠦᠨ ᠢᠶᠠᠷ ᠰᠠᠶᠢᠲᠤᠷ ᠠᠳᠬᠤᠵᠤ᠂ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ ᠥᠷᠭᠡᠳᠬᠡᠬᠦ ᠬᠡᠷᠡᠭᠲᠡᠢ᠃ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ | ᠠᠰᠢᠭᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠠᠷ ᠠᠵᠤ ᠦᠢᠯᠡᠰ ᠤᠨ ᠦᠷ᠎ᠡ ᠠᠰᠢᠭ ᠢ | ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃ | ᠷᠦᠨ ᠶᠠᠩ ᠭᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ᠂ ᠱᠧᠨ ᠨᠧᠩ ᠭᠡᠷᠡᠯ ᠴᠡᠨᠡᠭ ᠢᠶᠠᠷ ᠤᠰᠤᠲᠦ᠋ᠷᠦᠭᠴᠢ ᠦᠢᠯᠡᠳᠬᠦ᠂ ᠬᠤᠢ ᠨᠧᠩ ᠵᠦᠸᠧ | ᠵᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ᠂ ᠢᠦᠢ ᠬᠠᠢ ᠢᠦᠢ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠣᠯᠣᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ︽ᠰᠢᠨ᠎ᠡ ᠡᠨᠧᠷᠭᠢ +︾ ᠠᠵᠢᠯᠯᠠᠭ᠎ᠠ ᠶᠢ | ᠶᠡᠬᠡᠪᠡᠷ ᠬᠡᠷᠡᠭᠵᠢᠭᠦᠯᠦᠨ᠂ ᠲᠣᠨᠣᠭᠯᠠᠯ ᠦᠢᠯᠡᠳᠬᠦ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠬᠥᠭᠵᠢᠯᠲᠡ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ᠂ ᠠᠶᠤᠯᠭᠦᠢ | ᠦᠢᠯᠡᠳᠪᠦᠷᠢᠯᠡᠯ ᠤᠨ ᠡᠯ᠎ᠡ ᠲᠥᠷᠥᠯ ᠤᠨ ᠠᠵᠢᠯ ᠢ ᠰᠠᠶᠢᠲᠤᠷ ᠬᠢᠬᠦ ᠶᠢ ᠬᠠᠪᠰᠤᠷᠤᠨ ᠵᠢᠯᠤᠭᠤᠳᠬᠤ ᠬᠡᠷᠡᠭᠲᠡᠢ ᠭᠡᠵᠦ ᠵᠠᠬᠢᠪᠠ᠃ | ᠨᠠᠩᠰᠤ ᠪᠠᠯᠭᠠᠰᠤᠨ ᠤ ᠠᠯᠠᠭᠠᠳᠠᠬᠤ ᠪᠥᠮᠪᠦᠭᠡ ᠶᠢᠨ ᠰᠣᠶᠣᠯ ᠤᠨ ᠦᠵᠡᠭᠦᠯᠭᠡ ᠶᠢᠨ ᠲᠢᠩᠬᠢᠮ ᠳᠤ᠂ ᠮᠢᠩ ᠤᠯᠤᠰ ᠤᠨ ᠤᠷᠳᠤ ᠴᠠᠭᠠᠨ ᠬᠡᠷᠡᠮ᠂ ᠥᠪᠥᠷ | ᠮᠣᠩᠭᠤᠯ ᠤᠨ ᠪᠤᠷᠤᠪᠠᠯᠭᠠᠰᠤ ᠶᠢᠨ ᠺᠠᠳ᠋ᠷᠴᠤᠳ ᠤᠨ ᠳᠡᠭᠡᠳᠦ ᠰᠤᠷᠭᠠᠭᠤᠯᠢ᠂ ᠰᠢᠷᠬᠤᠰᠤᠨ ᠪᠠᠭᠤᠷᠢ ᠶᠢᠨ ᠮᠦᠽᠧᠢ᠂ ᠪᠠᠲᠤ ᠶᠢᠨ ᠳᠣᠬᠤᠢ ᠶᠢᠨ ᠬᠤᠪᠢᠰᠬᠠᠯᠲᠤ | ᠰᠣᠶᠣᠯ ᠤᠨ ᠪᠠᠯᠭᠠᠰᠤ᠂ ᠮᠠᠯᠵᠢᠬᠤ ᠳ᠋ᠠᠵᠠᠢ ᠶᠢᠨ ᠮᠦᠽᠧᠢ ᠳᠤ᠂ ᠢᠦᠢ ᠬᠠᠢ ᠢᠦᠢ ᠰᠣᠶᠣᠯ ᠪᠡᠶ᠎ᠡ ᠶᠢᠨ ᠲᠠᠮᠢᠷ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠪᠠ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ᠂ | ᠬᠤᠪᠢᠰᠬᠠᠯᠲᠤ ᠰᠣᠶᠣᠯ᠂ ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠵᠡᠷᠭᠡ ᠰᠢᠯᠢᠳᠡᠭ ᠰᠣᠶᠣᠯ ᠢ ᠭᠦᠨᠵᠡᠭᠡᠢ ᠠᠭᠤᠳᠠᠯᠬᠤ ᠶᠢᠨ ᠬᠠᠮᠲᠤ | ᠶᠡᠬᠡᠪᠡᠷ ᠪᠠᠳᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠶᠢ ᠴᠢᠩᠭᠠᠳᠬᠠᠵᠤ᠂ ︽ᠰᠣᠶᠣᠯ ᠵᠢᠭᠤᠯᠴᠢᠯᠠᠯ + ᠤᠷᠤᠯᠳᠤᠭᠠᠨ︾ | ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠨᠡᠩ ᠶᠡᠭᠡ ᠲᠠᠲᠠᠬᠤ ᠬᠦᠴᠦᠨ ᠲᠠᠢ ᠵᠢᠭᠤᠯᠴᠢᠯᠠᠯ ᠤᠨ ᠬᠠᠷᠠᠯᠲᠠᠲᠤ ᠣᠷᠣᠨ ᠢ ᠴᠣᠭᠴᠠᠯᠠᠬᠤ | ᠬᠡᠷᠡᠭᠲᠡᠢ ᠭᠡᠪᠡ᠃ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠢᠦᠢ ᠬᠠᠢ ᠢᠦᠢ ᠪᠠᠰᠠ ᠠᠶᠢᠯ ᠡᠷᠦᠬᠡ ᠳᠤ ᠬᠦᠷᠴᠦ᠂ ᠤᠯᠠᠨ ᠲᠦᠮᠡᠨ ᠤ ᠠᠵᠢᠯ ᠣᠯᠭᠤᠯᠲᠠ᠂ | ᠣᠷᠣᠯᠭ᠎ᠠ ᠶᠢᠨ ᠨᠡᠮᠡᠭᠳᠡᠯ᠂ ᠠᠮᠢᠳᠤᠷᠠᠯ ᠤᠨ ᠪᠠᠲᠤᠯᠠᠭ᠎ᠠ ᠵᠡᠷᠭᠡ ᠪᠠᠶᠢᠳᠠᠯ ᠢ ᠣᠶᠢᠯᠭᠠᠪᠠ᠃ | ᠬᠤᠲᠠ ᠶᠢᠨ ᠤᠳᠤᠷᠢᠳᠤᠯᠭ᠎ᠠ ᠭᠤᠤ ᠸᠧᠨ ᠾᠧ᠂ ᠵᠢᠷᠤᠮᠲᠤ ᠲᠣᠰ ᠲᠣᠰ ᠠᠵᠢᠯᠯᠠᠭ᠎ᠠ ᠳᠤ ᠣᠷᠣᠯᠴᠠᠪᠠ᠃ | | | | | | | | | | | | | | | | | | | | | | | | | | | | | | |